| ᠣᠨᠳᠣᠤ ᠭᠠᠵᠠᠷ ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠵᠦ᠂ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ | ᠠᠬᠢᠭᠤᠯᠤᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠣᠨᠳᠣᠤ ᠭᠠᠵᠠᠷ ᠲᠤ ᠨᠡᠭᠦᠯᠭᠡᠭᠰᠡᠨ ᠣᠯᠠᠨ | ᠲᠦᠮᠡᠨ ᠤ ︽ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠪᠠᠶᠠᠵᠢᠵᠤ ᠳᠡᠶᠢᠯᠬᠦ︾ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠠᠤᠬᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠢᠳᠡᠪᠬᠢᠲᠡᠶ ᠴᠢᠷᠮᠠᠶᠢᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠠᠤᠬᠠᠨ ᠬᠤᠰᠢᠭᠤᠨ ᠤ 2025 ᠣᠨ ᠤ ᠬᠤᠶᠠᠳᠤᠭᠠᠷ ᠪᠦᠯᠦᠭ ᠥᠪᠡᠷᠲᠡᠭᠡᠨ | ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠤᠨ ᠪᠠᠯᠠ | ᠮᠥᠩᠭᠦ ᠶᠢ 825 ᠲᠦᠮᠡᠨ ᠲᠥᠭᠦᠷᠢᠭ ᠪᠠᠭᠤᠯᠭᠠᠵᠤ᠂ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠤ | ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠳᠤ | ᠬᠡᠷᠡᠭᠯᠡᠨ᠎ᠡ᠃ | ᠲᠥᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠪᠦᠷᠢ 34.25 | ᠲᠦᠮᠡᠨ ᠲᠥᠭᠦᠷᠢᠭ ᠤᠨ ᠠᠰᠢᠭ ᠣᠯᠵᠠᠪᠤᠷᠢ ᠶᠢᠨ ᠮᠥᠩᠭᠦ ᠬᠤᠷᠢᠶᠠᠵᠤ᠂ ᠣᠷᠣᠨ ᠤ ᠠᠵᠤ ᠦᠢᠯᠡᠰ ᠤᠨ ᠲᠥᠷᠥᠯ | ᠵᠦᠢᠯ ᠵᠢᠴᠢ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠳᠤ ᠬᠡᠷᠡᠭᠯᠡᠨ᠎ᠡ᠃ ᠪᠠᠰᠠ ᠲᠥᠪᠬᠢᠨᠡᠭᠦᠯᠬᠦ ᠣᠷᠣᠨ ᠳᠤ | ᠨᠡᠭᠦᠭᠰᠡᠨ ᠣᠯᠠᠨ ᠲᠦᠮᠡᠨ ᠳᠤ 50 ᠭᠠᠷᠤᠢ ᠠᠵᠢᠯ ᠣᠯᠭᠤᠬᠤ ᠵᠢᠴᠢ ᠬᠥᠳᠡᠯᠮᠦᠷᠢ ᠬᠦᠴᠦᠨ ᠤ ᠠᠵᠢᠯᠴᠢᠨ | ᠬᠡᠷᠡᠭᠯᠡᠬᠦ ᠠᠵᠢᠯ ᠤᠨ ᠪᠠᠶᠢᠷᠢ ᠬᠠᠩᠭᠠᠵᠤ᠂ ᠲᠥᠪᠬᠢᠨᠡᠭᠦᠯᠬᠦ ᠣᠷᠣᠨ ᠤ ᠣᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠬᠤ ᠪᠣᠯᠤᠨ᠎ᠠ᠃ |