ᠰᠧ ᠵᠢᠶᠠ ᠽᠢ ᠪᠠᠯᠭᠠᠰᠤ᠄ ︽ᠭᠤᠷᠪᠠ ᠶᠢ ᠠᠳᠬᠤᠬᠤ︾ ᠬᠤᠯᠪᠣᠭᠠᠯᠠᠨ ᠬᠥᠳᠡᠯᠦᠯᠴᠡᠵᠦ ᠵᠠᠰᠠᠭ ᠤᠨ ᠶᠠᠪᠤᠳᠠᠯ ᠢ ᠢᠯᠡ ᠪᠣᠯᠭᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/22
         ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠠᠳᠬᠤᠵᠤ᠂ ᠢᠯᠡ ᠪᠣᠯᠭᠠᠬᠤ ᠰᠠᠭᠤᠷᠢ ᠶᠢ ᠪᠠᠲᠤᠳᠬᠠᠨ᠎ᠠ᠃ ᠰᠧ ᠵᠢᠶᠠ ᠽᠢ ᠪᠠᠯᠭᠠᠰᠤ ᠪᠠᠯᠭᠠᠰᠤᠨ ᠤ ᠠᠷᠠᠳ ᠲᠤ ᠲᠥᠬᠦᠮ ᠦᠵᠡᠭᠦᠯᠬᠦ ᠶᠡᠭᠡ ᠲᠢᠩᠬᠢᠮ ᠬᠢᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ ᠢ ᠨᠠᠷᠢᠨ ᠨᠢᠮᠪᠠᠶ ᠪᠠᠶᠢᠭᠤᠯᠪᠠ᠃ ᠲᠤᠰᠬᠠᠶ ᠣᠷᠣᠨ ᠤ ᠳᠣᠲᠣᠷ᠎ᠠ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠪᠤᠯᠤᠩ ᠳᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ ᠳᠡᠯᠭᠡᠨ ᠦᠵᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠣᠯᠠᠨ ᠬᠦᠷᠢᠶ᠎ᠡ ᠶᠢ ᠬᠠᠮᠤᠷᠴᠤ᠂ ᠣᠯᠠᠨ ᠲᠦᠮᠡᠨ ᠴᠠᠭ ᠲᠤᠬᠠᠶ ᠳᠤᠨᠢ ᠤᠷᠪᠠᠭᠤᠯᠤᠨ ᠦᠵᠡᠵᠦ ᠣᠶᠢᠯᠠᠭᠠᠵᠤ ᠪᠣᠯᠤᠨ᠎ᠠ᠃ ᠠᠰᠠᠭᠤᠨ ᠯᠠᠪᠯᠠᠬᠤ ᠴᠣᠩᠬᠤᠪᠴᠢ ᠨᠢ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠬᠠᠯᠠᠭᠤᠮᠰᠤᠭ ᠠᠵᠢᠯᠲᠠᠨ ᠢ ᠲᠣᠬᠢᠷᠠᠭᠤᠯᠵᠤ᠂ ᠠᠵᠢᠯ ᠬᠢᠬᠦ ᠪᠠᠷ ᠢᠷᠡᠭᠰᠡᠨ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠬᠠᠷᠢᠭᠤᠯᠬᠤ ᠳᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ  ᠬᠠᠩᠭᠠᠪᠠ᠃ ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠣᠯᠠᠨ ᠲᠦᠮᠡᠨ ᠴᠤᠭᠯᠠᠷᠠᠬᠤ ᠭᠠᠵᠠᠷ ᠲᠤ ᠴᠥᠮ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠤᠩ ᠪᠠ ᠢᠯᠡ ᠨᠡᠶᠢᠲᠡᠯᠡᠬᠦ ᠴᠡᠭ ᠭᠠᠷᠭᠠᠵᠤ᠂ ᠡᠯ᠎ᠡ ᠲᠥᠷᠥᠯ ᠤᠨ ᠮᠡᠳᠡᠭᠳᠡᠯ ᠢ ᠴᠠᠭ ᠲᠤᠬᠠᠶ ᠳᠤᠨᠢ ᠨᠠᠭᠠᠵᠤ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ᠂ ᠲᠣᠰᠬᠤᠨ ᠤ ᠠᠷᠠᠳ ᠲᠤ ᠲᠣᠰᠬᠤᠨ ᠤ ᠶᠡᠭᠡ ᠪᠠᠭ᠎ᠠ ᠬᠡᠷᠡᠭ ᠶᠠᠪᠤᠳᠠᠯ ᠢ ᠣᠶᠢᠯᠠᠭᠠᠭᠤᠯᠪᠠ᠃ ᠡᠭᠦᠨ ᠤ ᠬᠠᠮᠲᠤ᠂ ᠴᠤᠭᠯᠠᠭ᠎ᠠ ᠮᠠᠶᠢᠮᠠᠶ ᠶᠢᠨ ᠴᠤᠭᠯᠠᠭᠠᠨ᠂ ᠰᠦᠮ᠎ᠡ ᠶᠢᠨ ᠬᠤᠷᠠᠯ ᠵᠡᠷᠭᠡ ᠠᠵᠠ ᠲᠣᠬᠢᠶᠠᠯ ᠢ ᠠᠰᠢᠭᠯᠠᠨ᠂ ︽ᠵᠠᠰᠠᠭ ᠤᠨ ᠶᠠᠪᠤᠳᠠᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠡᠨᠡ ᠵᠢᠯ ᠠᠴᠠ ᠨᠠᠰᠢ᠂ ︽ᠵᠠᠰᠠᠭ ᠤᠨ ᠶᠠᠪᠤᠳᠠᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢ 2 ᠤᠳᠠᠭ᠎ᠠ ᠵᠣᠬᠢᠶᠠᠨ ᠪᠠᠶᠢᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠢ 400 ᠭᠠᠷᠤᠶ ᠬᠤᠪᠢ ᠲᠠᠷᠬᠠᠭᠠᠵᠤ᠂ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠵᠠᠶ ᠶᠢ ᠪᠦᠲᠦᠮᠵᠢᠲᠡᠶ ᠣᠶᠢᠷᠠᠲᠤᠭᠤᠯᠪᠠ᠃    ᠭᠤᠣᠯᠳᠠᠯᠭ᠎ᠠ ᠲᠠᠢ ᠢᠯᠡ ᠪᠣᠯᠭᠠᠬᠤ ᠶᠢ ᠠᠳᠬᠤᠵᠤ᠂ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠰᠦᠯᠵᠢᠶᠡᠨ ᠳᠡᠭᠡᠷᠡᠬᠢ + ᠬᠡᠷᠡᠮ ᠳᠡᠭᠡᠷ᠎ᠡ︾ ᠬᠤᠶᠠᠷ ᠢ ᠢᠯᠡ ᠪᠣᠯᠭᠠᠬᠤ ᠵᠠᠭᠪᠤᠷ ᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠳ᠋ᠤᠭᠠᠷ᠂ ᠵᠠᠰᠠᠭ ᠤᠨ ᠶᠠᠪᠤᠳᠠᠯ ᠤᠨ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠠᠪᠤᠷᠠᠨ ᠲᠤᠰᠠᠯᠠᠬᠤ᠂ ᠲᠣᠰᠬᠤᠨ ᠤ ᠱᠠᠲᠤᠨ ᠤ ᠡᠳ᠋ ᠤᠨ ᠶᠠᠪᠤᠳᠠᠯ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠮᠡᠳᠡᠭᠡ ᠵᠠᠩᠭᠢ ᠶᠢ ᠴᠠᠭ ᠲᠤᠬᠠᠶ ᠳᠤᠨᠢ  ᠨᠡᠶᠢᠳᠡᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠨᠠᠯ ᠢ ᠴᠤᠭᠯᠠᠭᠤᠯᠬᠤ ᠶᠢᠨ ᠲᠣᠭᠤᠷᠢᠨ ᠳᠤ᠂ ᠣᠯᠠᠨ ᠲᠦᠮᠡᠨ ᠢ ᠵᠠᠰᠠᠭ ᠤᠨ ᠶᠠᠪᠤᠳᠠᠯ ᠤᠨ ᠠᠵᠢᠯ ᠳᠤ  ᠣᠷᠤᠯᠴᠠᠭᠤᠯᠪᠠ᠃ ᠤᠷᠢᠳᠴᠢᠯᠠᠨ ᠰᠦᠯᠵᠢᠶᠡᠨ ᠳᠡᠭᠡᠷᠡᠬᠢ ᠠᠰᠠᠭᠤᠯᠲᠠ᠂ ᠰᠦᠯᠵᠢᠶᠡᠨ ᠭᠠᠳᠠᠨᠠᠬᠢ ᠶᠠᠷᠢᠯᠴᠠᠬᠤ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠳᠠᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠪᠡ᠃ ᠡᠨᠡ ᠵᠢᠯ ᠠᠴᠠ ᠨᠠᠰᠢ᠂ ᠣᠯᠠᠨ ᠲᠦᠮᠡᠨ ᠤ ᠰᠠᠨᠠᠯ ᠢ ᠨᠡᠶᠢᠲᠡ 20 ᠭᠠᠷᠤᠶ ᠵᠤᠷᠪᠤᠰ ᠴᠤᠭᠯᠠᠭᠤᠯᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢ 60 ᠭᠠᠷᠤᠶ ᠵᠤᠷᠪᠤᠰ ᠢᠯᠡ ᠪᠣᠯᠭᠠᠪᠠ᠃ ᠡᠳᠡᠭᠡᠷ ᠠᠷᠭ᠎ᠠ ᠬᠡᠮᠵᠢᠶ᠎ᠡ ᠨᠢ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠪᠠ ᠣᠷᠣᠯᠴᠠᠬᠤ ᠡᠷᠬᠡ ᠶᠢ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠦᠨᠳᠦᠰᠦᠨ ᠱᠠᠲᠤᠨ ᠤ ᠵᠠᠰᠠᠯᠲᠠ ᠶᠢ ᠬᠤᠣᠰ ᠴᠢᠭᠯᠡᠯ ᠢᠶᠠᠷ ᠠᠬᠢᠭᠤᠯᠤᠭᠰᠠᠨ ᠪᠠᠶᠢᠨ᠎ᠠ᠃    ᠲᠦᠷᠢᠮ ᠤᠨ ᠪᠠᠲᠤᠯᠠᠭ᠎ᠠ ᠶᠢ ᠠᠳᠬᠤᠵᠤ᠂ ᠢᠯᠡ ᠪᠣᠯᠭᠠᠬᠤ ᠶᠠᠪᠤᠴᠠ ᠶᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ︽  ᠭᠤᠷᠪᠠᠨᠲᠠ ᠬᠢᠨᠠᠵᠤ ᠭᠤᠷᠪᠠᠨᠲᠠ ᠬᠠᠷᠭᠤᠭᠤᠯᠬᠤ︾ ᠲᠦᠷᠢᠮ ᠢ ᠨᠠᠶᠢᠳᠠᠪᠤᠷᠢᠵᠢᠭᠤᠯᠵᠤ᠂ ᠰᠲ᠋ᠣᠺ ᠤᠨ ᠲᠠᠰᠤᠭ ᠤᠨ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠭᠤᠤᠯ ᠬᠠᠷᠢᠭᠤᠴᠠᠯᠭᠠᠲᠠᠨ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ᠂ ᠵᠢᠷᠤᠮᠵᠢᠯ ᠤᠨ ᠴᠢᠨᠠᠷ ᠪᠠ ᠨᠢᠭᠤᠴᠠ ᠶᠢ ᠬᠠᠮᠠᠭᠠᠯᠠᠬᠤ ᠴᠢᠨᠠᠷ ᠢ ᠡᠬᠢ ᠡᠭᠦᠰᠦᠯ ᠠᠴᠠ ᠨᠢ ᠦᠨᠡᠨᠬᠦ  ᠪᠠᠲᠤᠯᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠣᠰᠬᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ  ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ  ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠮᠡᠳᠡᠭᠡ ᠵᠠᠩᠭᠢ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠪᠣᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠤᠯᠤᠩ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠨᠡᠶᠢᠲᠡᠯᠡᠬᠦ ᠶᠢ ᠴᠠᠭ ᠲᠤᠬᠠᠶ ᠳᠤᠨᠢ ᠪᠦᠲᠦᠮᠵᠢᠲᠡᠶ ᠪᠠᠶᠢᠯᠭᠠᠬᠤ ᠶᠢ ᠦᠨᠡᠨᠬᠦ  ᠪᠠᠲᠤᠯᠠᠪᠠ᠃    ︽ᠭᠤᠷᠪᠠ ᠶᠢ ᠠᠳᠬᠤᠬᠤ︾ ᠬᠤᠯᠪᠣᠭᠠᠯᠠᠨ ᠬᠥᠳᠡᠯᠦᠯᠴᠡᠵᠦ ᠰᠧ ᠵᠢᠶᠠ ᠽᠢ ᠪᠠᠯᠭᠠᠰᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠢᠯᠡᠳᠲᠡ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ ᠰᠧ ᠵᠢᠶᠠ ᠽᠢ ᠪᠠᠯᠭᠠᠰᠤ ︽ᠭᠤᠷᠪᠠ ᠶᠢ ᠠᠳᠬᠤᠬᠤ︾ ᠠᠷᠭ᠎ᠠ ᠬᠡᠮᠵᠢᠶ᠎ᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号