| ᠵᠢᠯ ᠤᠨ ᠡᠬᠢᠨ ᠤ ᠬᠢᠨᠠᠯᠲᠠ ᠲᠠᠯᠪᠢᠬᠤ ᠲᠥᠯᠥᠪᠯᠡᠭᠡ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠲᠥᠰᠦᠯ ᠳᠤ ᠬᠦᠴᠦᠨ ᠨᠡᠮᠡᠷᠢᠯᠡᠬᠦ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 4 | ᠳ᠋ᠦ᠋ᠭᠡᠷ ᠰᠠᠷ᠎ᠠ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠬᠤᠰᠢᠭᠤᠨ ᠤ ᠮᠠᠯ ᠵᠢᠭᠦᠷᠲᠡᠨ ᠢ | ᠨᠢᠲᠤᠯᠵᠤ ᠡᠳ᠋ᠰᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠪᠣᠯᠤᠨ᠎ᠠ᠃ | ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠬᠢᠨᠠᠨ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠲᠥᠯᠥᠭᠡ᠂ ᠣᠶᠢᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢ | ᠳᠠᠭᠠᠭᠤᠯᠤᠨ ᠪᠥᠬᠦ ᠬᠤᠰᠢᠭᠤᠨ ᠤ ᠮᠠᠯ ᠵᠢᠭᠦᠷᠲᠡᠨ ᠢ ᠨᠢᠲᠤᠯᠵᠤ ᠡᠳ᠋ᠰᠢᠭᠦᠯᠦᠭᠰᠡᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠠ᠃ | | | | | 4 ᠰᠠᠷ᠎ᠠ ᠶᠢᠨ 10 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ | ᠬᠤᠰᠢᠭᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠢᠵᠢᠭ ᠤᠨ ᠪᠠᠶᠢᠳᠠᠯ ᠢ ᠪᠠᠶᠢᠴᠠᠭᠠᠨ | ᠮᠡᠳᠡᠭᠦᠯᠬᠦ ᠴᠡᠭ᠂ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠮᠧᠩ | ᠴᠠᠩ ᠮᠢᠬᠠᠨ ᠢᠳᠡᠭᠡᠨ ᠪᠣᠷᠣᠯᠠᠭᠤᠯᠬᠤ ᠬᠢᠵᠠᠭᠠᠷᠲᠤ ᠺᠣᠮᠫᠠᠨᠢ᠂ ᠵᠠᠩ ᠬᠤᠩ ᠱᠠᠨ ᠠᠯᠠᠰᠢᠨ ᠬᠤᠨᠢᠨ ᠤ | ᠠᠷᠠᠯᠵᠢᠶᠠᠨ ᠤ ᠵᠠᠬ᠎ᠠ ᠳᠡᠯᠭᠡᠭᠦᠷ᠂ ᠠᠤᠬᠠᠨ ᠬᠤᠰᠢᠭᠤᠨ ᠤ ᠲᠢ ᠴᠢᠶᠣᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠬᠦᠷᠴᠦ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠠᠯ ᠵᠢᠭᠦᠷᠲᠡᠨ ᠨᠢᠲᠤᠯᠬᠤ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ᠂ ᠮᠠᠯ ᠵᠢᠭᠦᠷᠲᠡᠨ ᠨᠢᠲᠤᠯᠬᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠪᠠᠶᠢᠳᠠᠯ᠂ ᠪᠠᠲᠤᠯᠠᠭ᠎ᠠ ᠪᠠ ᠬᠢᠨᠠᠯᠲᠠ ᠲᠠᠯᠪᠢᠭᠰᠠᠨ ᠪᠠᠶᠢᠳᠠᠯ᠂ ᠣᠳᠣᠬᠠᠨ ᠤ ᠮᠠᠯ ᠵᠢᠭᠦᠷᠲᠡᠨ ᠢ ᠨᠢᠲᠤᠯᠵᠤ | ᠡᠳ᠋ᠰᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ | ᠨᠠᠷᠢᠨ ᠣᠶᠢᠯᠠᠭᠠᠪᠠ᠃ 4 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠪᠠᠶᠢᠴᠠᠭᠠᠨ ᠰᠤᠳᠤᠯᠬᠤ | ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠮᠠᠯ ᠵᠢᠭᠦᠷᠲᠡᠨ ᠢ ᠨᠢᠲᠤᠯᠵᠤ | ᠡᠳ᠋ᠰᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠯᠴᠠᠨ ᠰᠣᠯᠢᠯᠴᠠᠪᠠ | ᠃ | | | | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠯᠪᠣᠭᠳᠠᠯ | ᠪᠥᠬᠦᠶ ᠰᠠᠯᠠᠭ᠎ᠠ ᠮᠥᠴᠢᠷ ᠠᠴᠠ ᠮᠠᠯ ᠵᠢᠭᠦᠷᠲᠡᠨ ᠢ ᠨᠢᠲᠤᠯᠵᠤ ᠡᠳ᠋ᠰᠢᠭᠦᠯᠬᠦ ᠪᠠᠶᠢᠳᠠᠯ ᠯᠤᠭ᠎ᠠ ᠬᠤᠯᠪᠣᠭᠳᠠᠬᠤ ᠰᠢᠷᠢᠰ | ᠠᠰᠠᠭᠤᠳᠠᠯ ᠢ ᠣᠶᠢᠯᠠᠭᠠᠭᠰᠠᠨ ᠪᠥᠭᠡᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠲᠤᠭᠤᠰᠢᠯᠠᠭᠤᠯᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠳᠬᠠᠬᠤ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ | ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠲᠣᠰ ᠲᠣᠰ ᠰᠠᠨᠠᠯ ᠰᠠᠨᠠᠭᠤᠯᠭ᠎ᠠ ᠳᠤᠷᠠᠳᠪᠠ᠃ ᠨᠢᠭᠡ ᠳᠤ ᠂ ᠮᠠᠯ | ᠵᠢᠭᠦᠷᠲᠡᠨ ᠤ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠦᠷᠭᠦᠯᠵᠢᠯᠡᠨ | ᠠᠬᠢᠭᠤᠯᠤᠨ᠎ᠠ᠃ ᠣᠯᠠᠨ ᠵᠢᠯ ᠤᠨ ᠲᠤᠷᠰᠢ᠂ ᠬᠤᠰᠢᠭᠤᠨ ᠤ ᠵᠠᠰᠠᠭ ᠤᠨ ᠣᠷᠳᠣᠨ ᠵᠢᠴᠢ ᠠᠵᠢᠯ ᠲᠥᠷᠥᠯ ᠤᠨ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠶᠡᠭᠡ ᠬᠡᠮᠵᠢᠶᠡᠨ ᠤ ᠬᠥᠮᠦᠨ ᠡᠳ᠋ ᠪᠣᠳᠠᠰ ᠤᠨ ᠬᠦᠴᠦᠨ ᠢ ᠣᠷᠣᠭᠤᠯᠤᠨ | ᠮᠠᠯ ᠵᠢᠭᠦᠷᠲᠡᠨ ᠢ ᠰᠠᠶᠢᠵᠢᠷᠠᠭᠤᠯᠬᠤ ᠠᠵᠢᠯ ᠥᠷᠨᠢᠭᠦᠯᠵᠦ᠂ ᠨᠢᠭᠡᠨᠲᠡ ᠢᠯᠡᠳᠲᠡ ᠦᠷ᠎ᠡ ᠪᠦᠲᠦᠭᠡᠯ ᠣᠯᠵᠤ᠂ | ᠣᠳᠣᠬᠠᠨ ᠳᠤ ᠡᠷᠬᠡᠪᠰᠢ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠥᠨᠳᠥᠷ ᠪᠦᠲᠦᠮᠵᠢᠲᠡᠶ ᠬᠡᠷᠡᠭᠯᠡᠯᠲᠡ ᠶᠢ | ᠤᠯᠠᠮ ᠨᠢᠭᠡ ᠠᠯᠬᠤᠮ ᠠᠬᠢᠭᠤᠯᠵᠤ᠂ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠠᠷᠠᠳ ᠢ ᠪᠠᠶᠠᠵᠢᠭᠤᠯᠤᠨ | ᠬᠤᠰᠢᠭᠤ ᠪᠠᠨ ᠬᠦᠴᠦᠷᠬᠡᠭᠵᠢᠭᠦᠯᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ ᠬᠤᠶᠠᠷ ᠲᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠠᠵᠢᠯ ᠢ ᠦᠷᠭᠦᠯᠵᠢᠯᠡᠨ ᠥᠷᠨᠢᠭᠦᠯᠦᠨ᠎ᠡ᠃ | ᠠᠤᠬᠠᠨ ᠬᠤᠰᠢᠭᠤ ᠨᠢ ᠲᠠᠷᠢᠶᠠᠯᠠᠩ ᠮᠠᠯ ᠠᠵᠤ ᠠᠬᠤᠶ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ | ᠡᠷᠬᠡᠪᠰᠢ ᠮᠠᠯ ᠵᠢᠭᠦᠷᠲᠡᠨ ᠤ ᠠᠵᠤ ᠦᠢᠯᠡᠰ ᠤᠨ ᠰᠠᠭᠤᠷᠢ ᠶᠢ ᠰᠠᠶᠢᠲᠤᠷ ᠠᠳᠬᠤᠵᠤ᠂ ᠦᠬᠡᠷ ᠬᠤᠨᠢᠨ ᠤ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠥᠷᠨᠢᠭᠦᠯᠬᠦ ᠠᠴᠠ ᠮᠠᠯ ᠵᠢᠭᠦᠷᠲᠡᠨ ᠤ | ᠠᠵᠤ ᠦᠢᠯᠡᠰ ᠤᠨ ᠪᠥᠬᠦ ᠬᠡᠪᠴᠢᠶ᠎ᠡ ᠶᠢ ᠬᠡᠯᠬᠢᠶᠡᠵᠢᠭᠦᠯᠦᠨ ᠨᠥᠬᠦᠪᠥᠷᠢᠯᠡᠬᠦ ᠳᠡᠭᠡᠷ᠎ᠡ ᠠᠯᠬᠤᠮ ᠠᠯᠬᠤᠮ ᠢᠶᠠᠷ | ᠥᠷᠭᠡᠳᠬᠡᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ | ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ | ᠴᠢᠩᠭᠠᠷᠠᠭᠤᠯᠤᠨ᠎ᠠ᠃ ᠨᠢᠭᠡ ᠲᠠᠯ᠎ᠠ ᠪᠠᠷ ᠡᠳ᠋ ᠤᠨ ᠵᠠᠰᠠᠭ ᠤᠨ ᠳᠡᠮᠵᠢᠯᠭᠡ ᠶᠢ ᠨᠡᠮᠡᠭᠳᠡᠭᠦᠯᠵᠦ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠲᠠᠯ᠎ᠠ ᠶᠢᠨ ᠪᠡᠯᠡ | ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠥᠭᠦᠭᠡ ᠲᠠᠯ᠎ᠠ ᠪᠠᠷ ᠬᠠᠮᠢᠶᠠᠷᠤᠯᠲᠠ ᠶᠢᠨ ᠠᠵᠢᠯᠲᠠᠨ ᠤ | ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ | ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯᠯᠠᠵᠤ ᠪᠠᠶᠢᠭ᠎ᠠ ᠬᠥᠮᠦᠰ ᠤᠨ ᠴᠠᠯᠢᠩ | ᠬᠥᠯᠥᠰᠥ ᠶᠢᠨ ᠬᠠᠷᠠᠭᠠᠯᠵᠠᠯ ᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ | ᠥᠷᠨᠢᠭᠦᠯᠬᠦ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ | ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ ᠬᠠᠤᠯᠢ ᠲᠣᠭᠲᠠᠭᠠᠯ ᠶᠣᠰᠣᠭᠠᠷ ᠡᠯ᠎ᠡ ᠵᠦᠢᠯ ᠤᠨ ᠬᠢᠨᠠᠯᠲᠠ | ᠪᠠᠶᠢᠴᠠᠭᠠᠯᠲᠠ ᠶᠢ ᠥᠷᠨᠢᠭᠦᠯᠵᠦ᠂ ᠲᠡᠵᠢᠭᠡᠨ ᠦᠷᠡᠵᠢᠭᠦᠯᠬᠦ ᠡᠷᠦᠬᠡ᠂ ᠮᠠᠯ ᠵᠢᠭᠦᠷᠲᠡᠨ ᠤ ᠠᠵᠤ ᠠᠬᠤᠶᠢᠯᠠᠯ ᠢ | ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠡᠵᠡᠩᠨᠡᠯᠲᠡ ᠶᠢ ᠢᠳᠡᠪᠬᠢᠲᠡᠶ | ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠶᠡᠭᠡ | ᠪᠠᠶᠢᠷᠢᠰᠢᠯ ᠢ ᠪᠠᠶᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠡᠳᠬᠢᠯ ᠳᠡᠯᠪᠢᠨ | ᠬᠦᠴᠦ ᠣᠷᠣᠭᠤᠯᠤᠨ ᠪᠠᠲᠤᠯᠠᠬᠤ ᠬᠡᠷᠡᠭᠲᠡᠢ᠃ | ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ | ᠬᠤᠷᠠᠯ ᠳᠤ ᠣᠷᠣᠯᠴᠠᠪᠠ᠃ ︵ᠰᠤᠷᠪᠤᠯᠵᠢᠯᠠᠭᠴᠢ / ᠸᠠᠩ ᠾᠧ ᠨᠠᠨ︶ |