| ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ | ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ ᠲᠠᠢ ᠫᠨᠤᠮ ᠪᠧᠩ ᠤᠨ | ᠡᠩᠬᠡ ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ᠃ ᠬᠤᠶᠠᠷ ᠤᠯᠤᠰ ᠤᠨ ᠤᠳᠤᠷᠢᠳᠬᠤ ᠬᠥᠮᠥᠨ ᠰᠢᠨ᠎ᠡ ᠴᠠᠭ | ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ | ᠪᠠᠶᠢᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠦ᠂ 2025 ᠣᠨ ᠪᠣᠯ ︽ᠳᠤᠮᠳᠠᠳᠤ ᠺᠠᠮᠪᠤᠵᠠ ᠶᠢᠨ ᠵᠢᠭᠤᠯᠴᠢᠯᠠᠯ ᠤᠨ ᠣᠨ︾ | ᠪᠣᠯᠣᠨ᠎ᠠ ᠭᠡᠵᠦ ᠨᠡᠶᠢᠲᠡᠯᠡᠪᠡ᠃ | | | | 4 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠲᠡᠷᠢᠭᠦᠨ ᠰᠠᠶᠢᠳ | ᠬᠤᠩᠮᠠᠨᠠᠢ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ ᠠᠰᠠᠷ ᠲᠤ ᠬᠡᠯᠡᠯᠴᠡᠭᠡ ᠬᠢᠪᠡ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢᠦ ᠸᠧᠢ ᠳ᠋ᠦᠩ ᠰᠡᠭᠦᠳᠡᠷᠯᠡᠪᠡ︶ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠥᠨᠢ ᠤᠳᠠᠭᠠᠨ ᠲᠡᠦᠬᠡ ᠲᠠᠢ᠂ ᠪᠠᠲᠤ ᠪᠠᠬᠢ | ᠤᠯᠤᠰ ᠲᠦᠷᠤ ᠶᠢᠨ ᠰᠠᠭᠤᠷᠢ ᠲᠠᠢ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ ᠶᠤᠮ᠃ ᠳᠡᠯᠡᠬᠡᠢ ᠶᠢᠨ | ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠤᠯᠤᠰ ᠢᠮᠠᠭᠲᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠬᠤ ᠪᠣᠯᠣᠨ᠎ᠠ᠃ ᠣᠳᠣᠬᠠᠨ ᠳᠤ ᠳᠡᠯᠡᠬᠡᠢ ᠳ᠋ᠠᠬᠢᠨ ᠤ | ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠤᠮᠳᠠᠳᠤ ᠺᠠᠮᠪᠤᠵᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ | ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ | ᠺᠠᠮᠪᠤᠵᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ | ᠺᠠᠮᠪᠤᠵᠠ ᠶᠢᠨ ᠵᠠᠰᠠᠭ ᠤᠨ ᠣᠷᠳᠣᠨ ᠤ ᠤᠷᠤᠭᠰᠢᠲᠠᠢ ᠪᠠᠷ ᠵᠠᠰᠠᠭ ᠶᠠᠪᠤᠭᠤᠯᠬᠤ ᠶᠢ ᠲᠡᠮᠵᠢᠵᠥ᠂ ᠺᠠᠮᠪᠤᠵᠠ ᠶᠢᠨ ᠬᠢᠨ ᠤ | ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠲᠡᠮᠵᠢᠨ᠎ᠡ᠃ ᠬᠤᠶᠠᠷ | ᠲᠠᠯ᠎ᠠ ᠪᠠᠷ ᠢᠶᠠᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠪᠠᠷ ᠰᠢᠨ᠎ᠡ ᠭᠠᠷᠤᠭ᠎ᠠ ᠪᠤᠯᠭᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ | ᠬᠡᠪᠯᠡᠯ ᠤᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠨᠡᠩ ᠥᠨᠳᠥᠷ ᠲᠦᠪᠰᠢᠨ ᠪᠦᠬᠦᠢ ᠤᠯᠤᠰ | ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ | ᠥᠷᠭᠡᠳᠬᠡᠵᠦ᠂ ᠨᠡᠩ ᠥᠨᠳᠥᠷ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠬᠢᠵᠢᠭᠦᠯᠵᠦ᠂ ᠨᠡᠩ ᠥᠨᠳᠥᠷ | ᠳᠠᠪᠲᠠᠮᠵᠢᠲᠤ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠵᠦ᠂ ᠨᠡᠩ ᠥᠨᠳᠥᠷ ᠪᠠᠷᠢᠮᠵᠢᠶ᠎ᠠ ᠪᠦᠬᠦᠢ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ | ᠦᠢᠯᠡᠳᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠠᠮᠪᠤᠵᠠ ᠶᠢᠨ ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ | ᠲᠣᠭᠲᠠᠴᠠ ᠶᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠪᠠᠲᠤᠯᠠᠨ | ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽2+2︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠶᠢ ᠰᠠᠶᠢᠲᠤᠷ ᠬᠢᠵᠦ᠂ | ᠨᠠᠮ ᠤᠨ ᠬᠤᠭᠤᠷᠣᠨᠳᠣᠭᠢ᠂ ᠬᠠᠤᠯᠢ ᠲᠣᠭᠲᠠᠭᠠᠬᠤ ᠪᠠᠶᠢᠭᠤᠯᠤᠮᠵᠢ ᠵᠡᠷᠭᠡ ᠠᠷᠭ᠎ᠠ ᠵᠠᠮ ᠤᠨ ᠶᠠᠪᠤᠯᠴᠠᠭ᠎ᠠ ᠪᠠᠨ ᠴᠢᠩᠭᠠᠳᠬᠠᠵᠤ᠂ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠤᠶᠠᠷ ᠲᠠᠯ᠎ᠠ ᠶᠢᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ | ᠬᠥᠭᠵᠢᠯᠲᠡ ᠶᠢ ᠬᠠᠮᠲᠤ ᠪᠠᠷ ᠡᠷᠢᠯᠬᠢᠯᠡᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠶᠡᠭᠡ ᠪᠠᠷ ᠠᠬᠢᠭᠤᠯᠵᠤ᠂ ︽ᠠᠯᠮᠠᠰ ᠵᠢᠷᠭᠤᠭᠠᠨ ᠲᠠᠯ᠎ᠠ︾ ᠶᠢᠨ | ᠬᠠᠮᠲᠤᠷᠠᠯᠴᠠᠭᠠᠨ ᠤ ᠪᠦᠲᠦᠴᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠨᠡᠩ ᠤᠯᠠᠨ ᠳᠤᠮᠳᠠᠳᠤ | ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠬᠤ ᠶᠢ ᠵᠣᠷᠢᠭᠵᠢᠭᠤᠯᠵᠤ᠂ ᠺᠠᠮᠪᠤᠵᠠ ᠳᠤ ᠭᠡᠳᠤ | ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠨᠡᠭᠡᠭᠡᠵᠦ᠂ ᠺᠠᠮᠪᠤᠵᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠡᠩ | ᠤᠯᠠᠨ ᠣᠷᠣᠭᠤᠯᠤᠨ᠎ᠠ᠃ ᠬᠤᠶᠠᠷ ᠤᠯᠤᠰ ᠤᠨ ᠠᠷᠠᠳ ᠲᠦᠮᠡᠨ ᠣᠶᠢᠯᠠᠭᠠᠯᠴᠠᠭ᠎ᠠ ᠪᠣᠯᠣᠨ ᠨᠥᠭᠦᠷᠰᠡᠭ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠳᠤᠮᠳᠠᠳᠤ ᠺᠠᠮᠪᠤᠵᠠ ᠶᠢᠨ ᠪᠣᠯᠪᠠᠰᠤᠨ ᠤ ᠰᠣᠯᠢᠯᠴᠠᠭ᠎ᠠ ᠪᠠᠨ ᠬᠠᠷᠢᠯᠴᠠᠨ ᠲᠣᠯᠢ | ᠪᠤᠯᠭᠠᠬᠤ ᠶᠢ ᠠᠬᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ ᠺᠠᠮᠪᠤᠵᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ | ᠱᠠᠩᠨᠠᠯ ᠤᠨ ᠮᠥᠩᠭᠦ ᠬᠠᠩᠭᠠᠵᠤ᠂ ᠳᠤᠮᠳᠠᠳᠤ ᠺᠠᠮᠪᠤᠵᠠ ᠶᠢᠨ ᠵᠠᠯᠠᠭᠤᠴᠤᠳ ᠤᠨ ᠶᠠᠷᠢᠯᠴᠠᠭ᠎ᠠ ᠰᠣᠯᠢᠯᠴᠠᠭᠠᠨ ᠤ ᠲᠣᠭᠲᠠᠴᠠ ᠶᠢ | ᠪᠠᠶᠢᠭᠤᠯᠬᠤ ᠶᠢ ᠳᠡᠮᠵᠢᠵᠦ᠂ ᠣᠷᠣᠨ ᠨᠤᠲᠤᠭ᠂ ᠵᠠᠭᠤᠴᠢᠯᠠᠭᠤᠷ᠂ ᠤᠶᠤᠨ ᠤ ᠬᠥᠮᠥᠷᠭᠡ ᠶᠢᠨ ᠲᠠᠯ᠎ᠠ ᠪᠠᠷ ᠨᠡᠩ ᠤᠯᠠᠨ | ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠢ ᠶᠠᠪᠤᠬᠤ ᠳᠤᠳᠤᠮ | ᠣᠶᠢᠷᠠᠲᠤᠭᠤᠯᠵᠤ᠂ ᠶᠠᠪᠤᠬᠤ ᠳᠤᠳᠤᠮ ᠳᠣᠲᠣᠨᠣ ᠪᠣᠯᠭᠠᠨ᠎ᠠ᠃ ᠬᠤᠶᠠᠷ ᠲᠠᠯ᠎ᠠ ᠪᠠᠷ ᠢᠶᠠᠨ ᠨᠡᠩ ᠬᠦᠴᠦᠲᠡᠢ᠂ ᠨᠡᠩ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ | ᠡᠷᠡᠰ ᠴᠣᠬᠢᠯᠲᠠ ᠥᠭᠴᠦ᠂ ᠨᠡᠶᠢᠭᠡᠮ ᠤᠨ ᠠᠮᠤᠷ ᠲᠣᠭᠲᠠᠭᠤᠨ ᠪᠣᠯᠣᠨ ᠭᠠᠵᠠᠷ ᠣᠷᠣᠨ ᠤ ᠤᠯᠤᠰ ᠤᠳ ᠤᠨ ᠬᠡᠪ ᠤᠨ | ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ | ᠴᠢᠬᠤᠯᠠ ᠬᠦᠴᠦᠨ ᠪᠣᠯᠤᠭᠰᠠᠨ ᠤ ᠬᠤᠪᠢ ᠳᠤ ᠡᠩᠬᠡ ᠲᠠᠶᠢᠪᠤᠩ᠂ ᠪᠦᠯᠬᠦᠮᠳᠡᠯ᠂ ᠬᠠᠮᠲᠤᠷᠠᠯᠴᠠᠭ᠎ᠠ ᠶᠢᠨ ᠬᠠᠮᠲᠤ ᠶᠢᠨ | ᠦᠷᠳᠡᠭ ᠤᠨ ᠬᠥᠭᠡᠭᠡᠴᠡᠯᠳᠦᠯ ᠢᠶᠠᠨ ᠪᠠᠲᠤ ᠰᠠᠬᠢᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠡᠰᠡᠷᠭᠦᠴᠡᠵᠦ᠂ ᠵᠢᠩᠬᠢᠨᠢ | ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ᠃ ᠪᠦᠯᠦᠭᠯᠡᠯ ᠤᠨ ᠡᠰᠡᠷᠭᠦᠴᠡᠯᠳᠦᠯ ᠪᠠ ᠯᠡᠭᠧᠷ ᠤᠨ ᠡᠰᠡᠷᠭᠦᠴᠡᠯᠳᠦᠯ ᠢ | ᠡᠷᠡᠰ ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ᠂ ᠯᠠᠨᠼᠠᠩᠵᠢᠶᠠᠩ ᠮᠥᠷᠡᠨ ᠮᠸᠶᠢᠭᠤᠩ | ᠮᠥᠷᠡᠨ ᠤ ᠬᠠᠮᠲᠤᠷᠠᠯᠴᠠᠭ᠎ᠠ ᠵᠡᠷᠭᠡ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠭᠢᠯᠪᠡᠷ ᠪᠤᠰᠤ ᠪᠠᠷ ᠢᠷᠡᠭᠰᠡᠨ ᠡᠩᠬᠡ ᠲᠠᠶᠢᠪᠤᠩ ᠬᠥᠭᠵᠢᠯᠲᠡ ᠶᠢᠨ | ᠪᠠᠶᠢᠳᠠᠯ ᠢ ᠬᠠᠮᠲᠤ ᠪᠠᠷ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠶ᠎ᠡ ᠭᠡᠵᠦ ᠵᠢᠭᠠᠵᠤ ᠭᠠᠷᠭᠠᠪᠠ᠃ | ᠬᠤᠩᠮᠠᠨᠠᠢ᠂ ᠺᠠᠮᠪᠤᠵᠠ ᠪᠣᠯᠣᠨ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ ᠬᠠᠷᠢᠯᠴᠠᠨ ᠭᠦᠨᠳᠦᠳᠭᠡᠵᠦ᠂ | ᠡᠷᠬᠡ ᠲᠡᠭᠰᠢ ᠬᠠᠨᠳᠤᠭᠰᠠᠭᠠᠷ ᠢᠷᠡᠵᠠᠢ᠂ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠨᠠᠶᠢᠳᠠᠪᠤᠷᠢᠲᠠᠢ᠂ ᠬᠠᠮᠤᠭ ᠤᠨ | ᠢᠲᠡᠭᠡᠯ ᠲᠠᠢ ᠨᠠᠶᠢᠵᠠ ᠮᠥᠨ᠃ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠶᠢ ᠭᠦᠨᠵᠡᠭᠡᠶᠢᠷᠡᠭᠦᠯᠵᠦ᠂ ᠺᠠᠮᠪᠤᠵᠠ | ᠲᠤᠮᠳᠠᠳᠤ ᠶᠢᠨ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠬᠦᠴᠦᠲᠡᠢ ᠠᠬᠢᠭᠤᠯᠬᠤ ᠪᠣᠯᠣᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠲᠣᠭᠲᠠᠭᠰᠠᠨ | ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠤ ᠺᠠᠮᠪᠤᠵᠠ ᠶᠢᠨ ᠠᠵᠤ | ᠠᠬᠤᠢ ᠶᠢᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠬᠠᠮᠠᠭᠠᠯᠠᠬᠤ ᠶᠢ ᠶᠡᠭᠡ ᠪᠠᠷ ᠳᠡᠮᠵᠢᠵᠦ ᠪᠠᠶᠢᠬᠤ ᠳᠤ | ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠵᠢᠷᠤᠮᠯᠠᠵᠤ᠂ | ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ | ᠲᠡᠮᠵᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠢᠶᠠᠨ ᠪᠠᠲᠤᠳᠬᠠᠵᠤ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠯᠣᠳ ᠮᠡᠲᠦ ᠪᠠᠲᠤ ᠨᠥᠬᠦᠷᠯᠡᠯ ᠢᠶᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ | ᠪᠣᠯ ᠺᠠᠮᠪᠤᠵᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠪᠠ ᠬᠠᠮᠤᠭ ᠤᠨ ᠲᠣᠮᠣ ᠪᠡᠯᠡ ᠣᠷᠣᠭᠤᠯᠤᠯᠲᠠ ᠶᠢᠨ | ᠢᠷᠡᠯᠲᠡ ᠤᠯᠤᠰ ᠪᠣᠯᠣᠨ᠎ᠠ᠂ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶ᠎ᠠ᠂ ᠪᠡᠯᠡ | ᠣᠷᠣᠭᠤᠯᠤᠯᠲᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ᠂ ᠬᠥᠳᠡᠭᠡ ᠠᠵᠤ ᠠᠬᠤᠢ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠦᠯᠵᠢᠶᠡᠨ | ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠮᠡᠬᠡᠯᠡᠯ ᠳᠤ ᠬᠠᠮᠲᠤ ᠪᠠᠷ ᠴᠣᠬᠢᠯᠲᠠ | ᠥᠭᠭᠦᠨ᠎ᠡ︔ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠪᠠᠨ | ᠴᠢᠩᠭᠠᠳᠬᠠᠵᠤ᠂ ︽ᠺᠠᠮᠪᠤᠵᠠ ᠳᠤᠮᠳᠠᠳᠤ ᠶᠢᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠨ᠎ᠡ᠃ ᠺᠠᠮᠪᠤᠵᠠ ᠶᠢᠨ ᠬᠢᠨ | ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠦᠵᠡᠭᠦᠯᠦᠭᠰᠡᠨ ᠢᠳᠡᠪᠬᠢᠲᠡᠢ | ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ᠂ ᠪᠦᠭᠦ ᠪᠥᠮᠪᠥᠷᠴᠡᠭ ᠤᠨ | ᠭᠤᠷᠪᠠᠨ ᠶᠡᠭᠡ ᠰᠠᠨᠠᠭᠠᠴᠢᠯᠠᠭ᠎ᠠ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭ᠎ᠠ ᠶᠢ ᠲᠡᠮᠵᠢᠨ᠎ᠠ᠃ ᠭᠠᠭᠴᠠ ᠲᠠᠯᠠᠲᠤ ᠦᠵᠡᠯ ᠳᠡᠯᠡᠬᠡᠢ ᠶᠢᠨ ᠪᠠᠶᠢᠳᠠᠯ ᠢ ᠲᠣᠭᠲᠠᠭᠤᠨ ᠪᠤᠰᠤ ᠪᠤᠯᠭᠠᠵᠤ᠂ ᠤᠯᠠᠨ | ᠲᠠᠯᠠᠲᠤ ᠠᠷᠠᠯᠵᠢᠶᠠᠨ ᠤ ᠰᠢᠰᠲ᠋ᠧᠮ ᠴᠣᠬᠢᠯᠲᠠ ᠳᠤ ᠤᠴᠠᠷᠠᠭᠰᠠᠨ ᠪᠠᠶᠢᠳᠠᠯ ᠤᠨ ᠳᠣᠣᠷ᠎ᠠ᠂ ᠳᠤᠮᠳᠠᠳᠤ ᠤᠯᠤᠰ ᠤᠳᠤᠷᠢᠳᠬᠤ | ᠦᠢᠯᠡᠳᠦᠯ ᠢᠶᠠᠨ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠡᠷᠬᠢᠮ ᠨᠠᠨᠳᠢᠨ ᠲᠣᠬᠲᠠᠭᠠᠯᠳᠤ ᠴᠢᠨᠠᠷ ᠢ ᠬᠠᠩᠭᠠᠵᠠᠢ᠃ ᠺᠠᠮᠪᠤᠵᠠ ᠶᠢᠨ | ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠤᠳᠤᠷᠢᠳᠬᠤ ᠬᠥᠮᠥᠨ ᠳᠤᠮᠳᠠᠳᠤ ᠺᠠᠮᠪᠤᠵᠠ ᠬᠤᠶᠠᠷ | ᠲᠠᠯ᠎ᠠ ᠪᠠᠷ ᠢᠶᠠᠨ 30 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ | ᠭᠡᠷᠡᠴᠢᠯᠡᠵᠦ᠂ ᠦᠢᠯᠡᠳᠪᠦᠷᠢᠯᠡᠯ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ᠂ ᠵᠣᠬᠢᠶᠠᠮᠠᠯ ᠤᠶᠤᠨ ᠴᠢᠳᠠᠪᠤᠷᠢ᠂ | ᠬᠥᠭᠵᠢᠯᠲᠡ ᠳᠤ ᠲᠤᠰᠠᠯᠠᠮᠵᠢ ᠦᠵᠡᠭᠦᠯᠭᠦ᠂ ᠪᠣᠭᠤᠮᠲᠠ ᠶᠢᠨ ᠰᠢᠯᠭᠠᠨ ᠪᠠᠶᠢᠴᠠᠭᠠᠯᠲᠠ ᠬᠢᠵᠢᠭ ᠤᠨ ᠪᠠᠶᠢᠴᠠᠭᠠᠯᠲᠠ᠂ ᠡᠷᠡᠭᠦᠯ | ᠬᠠᠮᠠᠭᠠᠯᠠᠯ᠂ ᠰᠣᠨᠢᠨ ᠮᠡᠳᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠺᠠᠮᠪᠤᠵᠠ ᠸᠠᠩᠲᠤ | ᠤᠯᠤᠰ ᠤᠨ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠲᠤᠬᠠᠢ | ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | | | | | | | | | | |