| ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠪᠠ ᠠᠵᠤ | ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ | ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ | ᠲᠤᠰᠠᠯᠠᠬᠤ ᠬᠠᠤᠯᠢ ︵ᠡᠬᠡ ᠲᠥᠰᠥᠯ︶︾ ᠶᠢ ᠶᠠᠷᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠷᠭᠤᠮᠠᠯ ᠤᠨ ᠰᠢᠨ᠎ᠡ ᠦᠷ᠎ᠡ ᠡᠭᠦᠯᠳᠡᠷ ᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾ ᠢ | ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ | ᠣᠷᠴᠢᠨ ᠳᠤ ᠬᠠᠨᠳᠤᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠲᠣᠭᠲᠠᠭᠠᠨ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ | ᠣᠯᠭᠤᠯᠲᠠ ᠪᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠬᠡᠷᠡᠭᠯᠡᠭᠡ ᠶᠢ ᠠᠬᠢᠭᠤᠯᠤᠨ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠦᠨ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ | ᠪᠠᠶᠢᠭᠠᠳ ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠪᠣᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ | ᠥᠷᠭᠡᠳᠬᠡᠵᠦ᠂ ᠠᠵᠢᠯ ᠣᠯᠭᠤᠯᠲᠠ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠬᠥᠭᠵᠢᠯᠲᠡ ᠶᠢ ᠲᠣᠭᠲᠠᠪᠤᠷᠢᠵᠢᠭᠤᠯᠵᠤ᠂ ᠨᠢᠭᠡ ᠠᠵᠢᠯ ᠲᠦᠷᠦᠯ ᠳᠤ ᠨᠢᠭᠡ ᠠᠷᠭ᠎ᠠ | ᠪᠣᠳᠣᠯᠭ᠎ᠠ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠳᠠᠬᠢᠨᠲᠠ ᠪᠡᠯᠡ | ᠣᠷᠣᠭᠤᠯᠬᠤ ᠶᠢ ᠳᠡᠮᠵᠢᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠦᠷᠡᠵᠢᠯ᠂ ᠰᠣᠶᠣᠯ᠂ ᠵᠢᠭᠤᠯᠴᠢᠯᠠᠯ ᠵᠡᠷᠭᠡ | ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠢ | ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ | ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠮᠡᠭᠴᠡ ᠠᠵᠤ | ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ ᠬᠦᠷᠲᠡᠭᠡᠬᠦ ᠪᠣᠯᠭᠠᠵᠤ᠂ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ | ᠰᠢᠢᠳᠪᠦᠷᠢᠯᠡᠬᠦ ᠠᠵᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠣᠯᠵᠠᠢ᠂ ᠨᠢᠭᠡ ᠠᠴᠠ ᠨᠥᠭᠦᠭᠡ ᠶᠢ ᠵᠦᠢᠴᠢᠯᠡᠬᠦ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠳᠤ | ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ | ᠬᠡᠯᠬᠢᠶ᠎ᠡ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ | ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠮᠤᠷ | ᠲᠦᠪᠰᠢᠨ ᠮᠥᠷᠲᠡᠭᠡᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ᠃ ᠦᠨᠳᠦᠰᠦᠨ | ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠴᠢᠬᠤᠯᠠᠴᠢᠯᠠᠵᠤ᠂ ᠬᠢᠨᠠᠨ ᠬᠠᠮᠢᠶᠠᠷᠬᠤ ᠶᠢᠨ | ᠤᠷᠢᠳᠴᠢᠯᠠᠨ ᠮᠡᠳᠡᠬᠦ ᠴᠢᠨᠠᠷ᠂ ᠣᠨᠣᠴᠠᠲᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | | | | | | | | | | | | | | | | | | | | | | | | | |