| 4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2025 ᠣᠨ ᠤ | ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠶ᠃ | | | | ᠬᠤᠷᠠᠯ ᠠᠴᠠ ︽ᠦᠨᠡᠨ︾ ᠰᠡᠳᠬᠦᠯ ᠤᠨ 2025 ᠣᠨ ᠤ 5 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ | ᠬᠤᠣᠰ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ | ᠳᠠᠮᠵᠢᠭᠤᠯᠤᠨ ᠰᠤᠷᠤᠯᠴᠠᠪᠠ᠃ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠵᠢᠯ ᠤᠨ | ᠡᠭᠦᠷᠭᠡ ᠶᠢ ᠵᠠᠳᠠᠯᠤᠭᠰᠠᠨ ᠡᠬᠡ ᠲᠠᠩᠰᠠ ︵ᠬᠢᠨᠠᠨ ᠵᠥᠪᠯᠡᠬᠦ ᠨᠣᠤᠷᠠᠭ︶︾᠂ ︽ᠠᠤᠬᠠᠨ ᠬᠤᠰᠢᠭᠤᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ ᠣᠶ ᠰᠢᠭᠤᠶ ᠨᠤᠲᠤᠭ | ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠤᠨ ᠲᠥᠰᠦᠯ︾᠂ ︽ᠠᠤᠬᠠᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠤᠬᠠᠶ ᠵᠠᠷᠯᠠᠯ︾ ᠢ ᠬᠢᠨᠠᠨ | ᠵᠥᠪᠯᠡᠪᠡ᠃ | ᠬᠤᠷᠠᠯ ᠠᠴᠠ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ | ᠪᠦᠲᠦᠭᠡᠯ ᠢ ᠭᠦᠨᠵᠡᠭᠡᠢ ᠣᠶᠢᠯᠠᠭᠠᠵᠤ᠂ ︽ᠲᠠᠪᠤ ᠶᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠶᠢ ᠣᠳᠣᠬᠠᠨ ᠤ | ᠪᠠ ᠬᠤᠶᠢᠰᠢᠳᠠ ᠶᠢᠨ ᠠᠵᠤ ᠠᠬᠤᠢ ᠶᠢᠨ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠨᠡᠩ ᠥᠨᠳᠥᠷ ᠲᠦᠪᠰᠢᠨ | ᠪᠦᠬᠦᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ | ᠠᠬᠤᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠵᠢᠯ ᠤᠨ | ᠡᠭᠦᠷᠭᠡ ᠶᠢ ᠵᠠᠳᠠᠯᠤᠭᠰᠠᠨ ᠡᠬᠡ ᠲᠠᠩᠰᠠ ︵ᠬᠢᠨᠠᠨ ᠵᠥᠪᠯᠡᠬᠦ ᠨᠣᠤᠷᠠᠭ︶︾ ᠪᠣᠯ 2025 ᠣᠨ ᠤ ᠵᠠᠰᠠᠭ ᠤᠨ | ᠣᠷᠳᠣᠨ ᠤ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠦᠨᠳᠦᠰᠦᠯᠡᠯ ᠮᠥᠨ᠂ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠮᠥᠷᠳᠡᠨ ᠬᠢᠨᠠᠨ | ᠵᠢᠯᠣᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ | ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠤᠢ ᠰᠢᠭᠤᠢ ᠨᠤᠲᠤᠭ ᠪᠡᠯᠴᠢᠭᠡᠷ ᠢ | ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠢᠯᠡᠴᠢᠯᠡᠨ | ᠮᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ | ᠭᠦᠨᠵᠡᠭᠡᠶᠢᠷᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠤᠨ ᠠᠮᠢ ᠠᠬᠤᠢ ᠶᠢᠨ | ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠢ ᠬᠠᠶᠢᠷᠠᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ / ᠸᠠᠩ | ᠾᠧ ᠨᠠᠨ︶ |