ᠬᠤᠰᠢᠭᠤᠨ ᠤ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/4/24
      4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠵᠤ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃
  C:\Users\Administrator\Desktop\100.jpg
    ᠬᠤᠷᠠᠯ ᠠᠴᠠ ︽ᠦᠨᠡᠨ︾ ᠰᠡᠳᠬᠦᠯ ᠤᠨ 2025 ᠣᠨ ᠤ 5 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ  ᠳᠠᠮᠵᠢᠭᠤᠯᠤᠨ ᠰᠤᠷᠤᠯᠴᠠᠪᠠ᠃ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠵᠢᠯ ᠤᠨ ᠡᠭᠦᠷᠭᠡ ᠶᠢ ᠵᠠᠳᠠᠯᠤᠭᠰᠠᠨ ᠡᠬᠡ ᠲᠠᠩᠰᠠ ︵ᠬᠢᠨᠠᠨ ᠵᠥᠪᠯᠡᠬᠦ ᠨᠣᠤᠷᠠᠭ︶︾᠂ ︽ᠠᠤᠬᠠᠨ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ︾᠂ ︽ᠠᠤᠬᠠᠨ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠤᠬᠠᠶ ᠵᠠᠷᠯᠠᠯ︾ ᠢ ᠬᠢᠨᠠᠨ ᠵᠥᠪᠯᠡᠪᠡ᠃    ᠬᠤᠷᠠᠯ ᠠᠴᠠ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ︽ᠲᠠᠪᠤ ᠶᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠶᠢ ᠣᠳᠣᠬᠠᠨ ᠤ ᠪᠠ ᠬᠤᠶᠢᠰᠢᠳᠠ ᠶᠢᠨ ᠠᠵᠤ ᠠᠬᠤᠢ ᠶᠢᠨ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠨᠡᠩ ᠥᠨᠳᠥᠷ ᠲᠦᠪᠰᠢᠨ ᠪᠦᠬᠦᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠵᠢᠯ ᠤᠨ ᠡᠭᠦᠷᠭᠡ ᠶᠢ ᠵᠠᠳᠠᠯᠤᠭᠰᠠᠨ ᠡᠬᠡ ᠲᠠᠩᠰᠠ ︵ᠬᠢᠨᠠᠨ ᠵᠥᠪᠯᠡᠬᠦ ᠨᠣᠤᠷᠠᠭ︶︾ ᠪᠣᠯ 2025 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠦᠨᠳᠦᠰᠦᠯᠡᠯ ᠮᠥᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠮᠥᠷᠳᠡᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ  ᠨᠢᠮᠪᠠᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠤᠢ ᠰᠢᠭᠤᠢ  ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠡᠷᠡᠰ ᠬᠤᠷᠢᠭᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠢᠯᠡᠴᠢᠯᠡᠨ ᠮᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠢ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ /  ᠸᠠᠩ ᠾᠧ ᠨᠠᠨ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号