ᠶᠢᠨ ᠴᠠᠩ ᠭᠧᠤ ᠯᠢᠶᠠᠩ ᠪᠠᠯᠭᠠᠰᠤ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠨ ᠬᠠᠶᠢᠷᠠᠯᠠᠨ᠎ᠠ
ᠨᠡᠶᠢᠲᠡᠯᠡᠭᠰᠡᠨ ᠴᠠᠭ᠄
2025/4/24
       ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠦᠨᠡᠨ ᠬᠦ ᠴᠢᠩᠭᠠᠳᠬᠠᠨ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠤᠯᠢ ᠪᠠᠷ ᠵᠠᠰᠠᠬᠤ ᠤᠬᠠᠮᠰᠠᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠢᠨ ᠴᠠᠩ ᠭᠧᠤ ᠯᠢᠶᠠᠩ ᠪᠠᠯᠭᠠᠰᠤ ᠤᠬᠠᠭᠤᠯᠭ᠎ᠠ ᠬᠥᠮᠦᠵᠢᠯ᠂ ᠰᠤᠷᠤᠯᠭ᠎ᠠ ᠶᠢ ᠬᠠᠮᠠᠭᠠᠯᠠᠬᠤ ᠠᠵᠢᠯᠯᠠᠭ᠎ᠠ ᠵᠢᠴᠢ ᠰᠡᠳᠬᠢᠴᠡ ᠶᠢᠨ ᠵᠢᠯᠣᠭᠤᠳᠣᠯᠭ᠎ᠠ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠨᠠᠰᠤᠨ ᠳᠤ ᠥᠯᠥ ᠭᠦᠷᠦᠭᠰᠡᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ ᠦᠰᠦᠨ ᠪᠤᠶᠢᠵᠢᠬᠤ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃    ᠬᠠᠤᠯᠢ ᠳᠦᠷᠢᠮ ᠤᠨ ᠠᠮᠤᠷ ᠲᠦᠪᠰᠢᠨ ᠤ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠦᠷᠨᠢᠭᠦᠯᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠤᠯᠠᠨ ᠰᠠᠯᠠᠭ᠎ᠠ ᠮᠥᠴᠢᠷ ᠬᠠᠮᠲᠤᠷᠠᠨ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠲᠡᠳᠡᠨ ᠤ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠯᠠᠮᠰᠢᠯ ᠰᠡᠳᠦᠪ ᠲᠠᠢ ᠤᠶᠠᠯᠳᠤᠭᠤᠯᠤᠨ᠂ ᠲᠤᠰᠬᠠᠶ ᠰᠡᠳᠦᠪᠲᠦ ᠲᠠᠶᠢᠯᠤᠮᠵᠢ ᠪᠠ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠬᠠᠤᠯᠢ ᠴᠠᠭᠠᠵᠠ ᠶᠢᠨ ᠮᠡᠳᠡᠯᠭᠡ ᠡᠵᠡᠮᠰᠢᠭᠦᠯᠵᠦ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠪᠠ᠃ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠨ ᠶᠠᠯ᠎ᠠ ᠬᠢᠬᠦ ᠶᠢ ᠰᠡᠷᠭᠡᠶᠢᠯᠡᠬᠦ ᠶᠢᠨ ᠲᠣᠭᠤᠷᠢᠨ ᠳᠤ᠂ ᠪᠠᠭᠰᠢ ᠰᠤᠷᠤᠭᠴᠢᠳ ᠲᠤ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠨ ᠶᠠᠯ᠎ᠠ ᠬᠢᠭᠰᠡᠨ ᠰᠢᠯᠲᠠᠭᠠᠨ᠂ ᠦᠷ᠎ᠡ ᠳ᠋ᠦᠩ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠪᠡ᠃ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ᠂ ᠬᠡᠷ ᠪᠦᠯᠢ ᠶᠢᠨ ᠬᠥᠮᠦᠵᠢᠯ ᠪᠠ ᠨᠡᠶᠢᠭᠡᠮ ᠤᠨ ᠣᠷᠴᠢᠨ ᠲᠣᠭᠤᠷᠢᠨ ᠵᠡᠷᠭᠡ ᠲᠠᠯ᠎ᠠ ᠪᠠᠷ ᠪᠠᠭᠰᠢ ᠰᠤᠷᠤᠭᠴᠢᠳ ᠢ ᠬᠠᠪᠰᠤᠷᠤᠨ ᠵᠥᠪ ᠬᠠᠤᠯᠢ ᠪᠠᠷ ᠵᠠᠰᠠᠬᠤ ᠦᠵᠡᠯᠲᠡ ᠶᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠵᠠᠮ ᠢᠶᠠᠷ ᠶᠠᠪᠤᠬᠤ ᠶᠢ ᠤᠷᠢᠳᠴᠢᠯᠠᠨ  ᠰᠡᠷᠭᠡᠶᠢᠯᠡᠪᠡ᠃    ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ ᠶᠢ ᠵᠣᠬᠢᠶᠠᠨ ᠪᠠᠶᠢᠭᠤᠯᠵᠤ᠂ ᠰᠤᠷᠤᠯᠭ᠎ᠠ ᠶᠢ ᠬᠠᠮᠠᠭᠠᠯᠠᠬᠤ ᠠᠵᠢᠯᠯᠠᠭ᠎ᠠ ᠶᠢ ᠦᠷᠨᠢᠭᠦᠯᠪᠡ᠃ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠭᠢ ᠲᠠᠢ ᠬᠠᠮᠲᠤᠷᠠᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ  ᠨᠡᠮᠡᠭᠳᠡᠭᠦᠯᠪᠡ᠃ ᠴᠠᠭᠳᠠᠨ ᠲᠣᠭᠤᠷᠢᠬᠤ ᠶᠢ ᠴᠢᠩᠭᠠᠳᠬᠠᠬᠤ᠂ ᠠᠮᠤᠷ ᠲᠦᠪᠰᠢᠨ ᠤ ᠠᠵᠢᠯ ᠤᠨ ᠪᠠᠶᠢᠷᠢ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠰᠤᠷᠭᠠᠭᠤᠯᠢ ᠳᠤ   ᠶᠠᠪᠤᠬᠤ ᠪᠤᠴᠠᠬᠤ ᠵᠠᠮ ᠳᠠᠬᠢ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ  ᠪᠠᠭᠠᠰᠬᠠᠪᠠ᠃ ᠰᠤᠷᠤᠯᠭ᠎ᠠ ᠶᠢ ᠬᠠᠮᠠᠭᠠᠯᠠᠬᠤ ᠠᠵᠢᠯᠯᠠᠭ᠎ᠠ ᠳᠤ᠂ ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠪᠦᠷᠢᠯᠳᠦᠬᠦᠨ ᠨᠡᠷ ᠬᠠᠷᠢᠭᠤᠴᠠᠯᠭ᠎ᠠ ᠪᠠᠨ ᠬᠢᠨᠠᠮᠠᠭᠠᠶ  ᠭᠦᠢᠴᠡᠳᠬᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠢ ᠢᠳᠡᠪᠬᠢᠲᠡᠶ ᠬᠠᠮᠠᠭᠠᠯᠠᠵᠤ᠂ ᠰᠤᠷᠭᠠᠭᠤᠯᠢ ᠳᠤ ᠣᠷᠣᠬᠤ ᠣᠷᠭᠢᠯ ᠤᠨ ᠦᠶ᠎ᠡ ᠳᠤ ᠵᠠᠮ ᠬᠠᠷᠢᠯᠴᠠᠭ᠎ᠠ ᠶᠢ ᠬᠦᠯᠢᠴᠡᠩᠭᠦᠶ ᠪᠠᠷ ᠵᠢᠯᠣᠭᠤᠳᠪᠠ᠃ ᠡᠭᠦᠨ ᠤ ᠬᠠᠮᠲᠤ ᠪᠠᠰᠠ ᠰᠤᠷᠤᠭᠴᠢᠳ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠠ ᠬᠦᠴᠦᠷᠬᠡᠭᠯᠡᠯ ᠤᠨ ᠬᠡᠷᠡᠭ ᠡᠭᠦᠰᠬᠦ ᠶᠢ ᠰᠡᠷᠭᠡᠶᠢᠯᠡᠨ᠂ ᠰᠤᠷᠤᠭᠴᠢᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠤᠯᠴᠠᠬᠤ ᠣᠷᠴᠢᠨ ᠲᠣᠭᠤᠷᠢᠨ ᠢ ᠡᠭᠦᠳᠦᠨ ᠥᠭᠪᠡ     ᠰᠡᠳᠬᠢᠴᠡ ᠶᠢ ᠬᠥᠲᠥᠯᠥᠨ  ᠵᠢᠯᠤᠭᠤᠳᠬᠤ ᠠᠵᠢᠯᠯᠠᠭ᠎ᠠ  ᠦᠷᠨᠢᠭᠦᠯᠪᠡ᠃ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠭᠠᠵᠠᠷ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠬᠡᠷ ᠲᠡᠭᠡᠨ ᠬᠤᠴᠣᠷᠤᠭᠰᠠᠨ ᠬᠡᠤᠬᠡᠳ ᠵᠢᠴᠢ ᠥᠷᠭᠡᠨ ᠣᠯᠠᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠴᠢᠭᠯᠡᠭᠦᠯᠦᠨ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠠᠵᠢᠯ ᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠮᠠᠭᠠᠯᠠᠪᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ᠲᠡᠳᠡᠨ ᠤ ᠬᠡᠷ ᠪᠦᠯᠢ ᠶᠢᠨ ᠠᠬᠤᠶ ᠪᠠᠶᠢᠳᠠᠯ᠂ ᠦᠰᠦᠨ ᠪᠤᠶᠢᠵᠢᠭᠰᠠᠨ ᠥᠩᠭᠡᠷᠡᠯᠲᠡ ᠪᠠ ᠰᠡᠳᠬᠢᠴᠡ ᠶᠢᠨ ᠪᠠᠶᠢᠳᠠᠯ ᠢ ᠭᠦᠨᠵᠡᠭᠡᠶ ᠣᠶᠢᠯᠠᠭᠠᠬᠤ ᠪᠠᠷ ᠳᠠᠮᠵᠢᠭᠤᠯᠤᠨ᠂ ᠬᠦᠯᠢᠴᠡᠩᠭᠦᠶ ᠪᠠᠷ ᠰᠣᠨᠣᠰᠬᠤ᠂ ᠨᠠᠷᠢᠨ ᠨᠢᠮᠪᠠᠶ ᠬᠠᠯᠠᠮᠵᠢᠯᠠᠬᠤ ᠪᠠᠷ ᠳᠠᠮᠵᠢᠭᠤᠯᠤᠨ ᠂ ᠬᠠᠨᠢ ᠪᠣᠯᠬᠤ ᠪᠠ ᠬᠠᠯᠠᠮᠵᠢᠯᠠᠯ ᠢᠶᠠᠷ ᠬᠡᠤᠬᠡᠳ ᠤᠳ ᠲᠤ ᠬᠡᠷ ᠪᠦᠯᠢ ᠶᠢᠨ ᠬᠠᠶᠢᠷ᠎ᠠ ᠬᠠᠯᠠᠮᠵᠢ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ  ᠮᠡᠳᠡᠷᠡᠭᠦᠯᠪᠡ᠃    ᠲᠠᠷᠠᠭᠠᠴᠢ ᠶᠢᠨ ᠠᠯᠬᠤᠮ ᠳᠤ᠂  ᠶᠢᠨ ᠴᠠᠩ ᠭᠧᠤ ᠯᠢᠶᠠᠩ ᠪᠠᠯᠭᠠᠰᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂ ᠨᠠᠩ ᠣᠯᠠᠨ ᠨᠡᠶᠢᠭᠡᠮ ᠤᠨ ᠬᠦᠴᠦᠨ ᠢ ᠳᠠᠶᠢᠴᠢᠯᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠩᠨᠡᠭᠡᠨ ᠳᠤ ᠣᠷᠣᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号