| ᠬᠠᠪᠤᠷ ᠤᠨ ᠤᠯᠠᠷᠢᠯ ᠪᠣᠯ ᠵᠠᠰᠠᠮᠠᠯ ᠵᠠᠮ ᠠᠷᠠᠴᠢᠯᠠᠬᠤ ︽ᠵᠠᠩᠭᠢᠯᠠᠭ᠎ᠠ ᠶᠢᠨ ᠬᠤᠭᠤᠴᠠᠭ᠎ᠠ︾ ᠮᠥᠨ᠂ ᠵᠠᠰᠠᠮᠠᠯ | ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠠᠣᠬᠠᠨ ᠬᠤᠰᠢᠭᠤᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠠᠰᠢᠭᠲᠠᠶ ᠴᠠᠭ ᠲᠣᠬᠢᠶᠠᠯ ᠢ ᠠᠮᠵᠢᠨ᠂ | ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ | ᠲᠣᠰ ᠤᠳᠠᠭᠠᠨ ᠤ ᠠᠷᠠᠴᠢᠯᠠᠨ ᠬᠠᠮᠠᠭᠠᠯᠠᠬᠤ ᠠᠵᠢᠯ ᠢ 4 ᠰᠠᠷ᠎ᠠ ᠶᠢᠨ 15 ᠤ ᠡᠳᠦᠷ ᠡᠬᠢᠯᠡᠭᠦᠯᠵᠦ᠂ | ᠵᠢᠱᠢᠯᠲᠡ ᠪᠠᠷ 6 ᠰᠠᠷ᠎ᠠ ᠶᠢᠨ ᠡᠬᠢ ᠪᠠᠷ ᠳᠠᠭᠤᠰᠬᠠᠵᠤ᠂ ᠨᠡᠶᠢᠲᠡ 265 ᠲᠦᠮᠡᠨ ᠲᠥᠭᠦᠷᠢᠭ ᠤᠨ ᠪᠠᠯᠠ | ᠣᠷᠣᠭᠤᠯᠤᠨ᠎ᠠ᠃ ᠠᠷᠠᠴᠢᠯᠠᠨ ᠬᠠᠮᠠᠭᠠᠯᠠᠬᠤ ᠠᠭᠤᠯᠭ᠎ᠠ ᠳᠤ ᠴᠠᠷᠳᠠᠮᠠᠯ ᠵᠠᠮ ᠤᠨ ᠠᠩ ᠵᠠᠭᠠᠳᠠᠰᠤ ᠶᠢ ᠴᠢᠳᠬᠤᠬᠤ ᠪᠠ | ᠬᠤᠩᠭᠢᠯ ᠢ ᠨᠦᠬᠦᠬᠦ ᠪᠠᠷ ᠭᠤᠤᠯ ᠪᠣᠯᠭᠠᠵᠤ᠂ ᠪᠥᠬᠦ ᠵᠠᠮ ᠤᠨ ᠤᠷᠲᠤ ᠶᠢᠨ ᠬᠡᠮᠵᠢᠶ᠎ᠡ ᠨᠢ 1110 ᠺᠢᠯᠦᠮᠧᠲᠷ | ᠪᠠᠶᠢᠵᠤ᠂ ᠡᠭᠦᠨ ᠳᠤ ᠰᠢᠶᠠᠨ ᠤ ᠵᠠᠮ 560 ᠺᠢᠯᠦᠮᠧᠲᠷ᠂ ᠰᠢᠶᠠᠩ ᠤᠨ ᠵᠠᠮ 550 ᠺᠢᠯᠦᠮᠧᠲᠷ ᠪᠠᠶᠢᠨ᠎ᠠ᠃ | ᠣᠳᠣᠬᠠᠨ ᠳᠤ ᠡᠮᠦᠨᠡᠲᠦ ᠤᠮᠠᠷᠠᠲᠤ ᠳᠤᠮᠳᠠ ᠣᠷᠣᠨ ᠤ ᠭᠤᠷᠪᠠᠨ ᠳᠤᠭᠤᠶᠢᠯᠠᠩ ᠵᠡᠷᠭᠡᠪᠡᠷ ᠠᠵᠢᠯ ᠡᠬᠢᠯᠡᠭᠦᠯᠵᠦ᠂ | ᠡᠳᠦᠷ ᠪᠦᠷᠢ 12 ᠮᠠᠰᠢᠨ ᠮᠧᠬᠠᠨᠢᠭ᠂ 60 ᠭᠠᠷᠤᠶ ᠬᠥᠮᠦᠨ ᠤ ᠬᠦᠴᠦ ᠣᠷᠣᠭᠤᠯᠵᠤ᠂ ᠠᠷᠠᠴᠢᠯᠠᠨ ᠬᠠᠮᠠᠭᠠᠯᠠᠬᠤ | ᠠᠬᠢᠴᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ᠃ |