ᠮᠠᠨ ᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠢ ᠳᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/25
             4 ᠰᠠᠷ᠎ᠠ ᠶᠢᠨ 24 ᠤ ᠡᠳᠦᠷ᠂ ᠠᠤᠬᠠᠨ ᠬᠤᠰᠢᠭᠤ 2025 ᠣᠨ ᠤ ᠬᠤᠷᠴᠢᠨ ᠤ ᠡᠯᠡᠰᠦᠷᠬᠡᠭ ᠭᠠᠵᠠᠷ ᠢ  ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ ᠵᠡᠷᠭᠡ ᠬᠤᠰᠢᠭᠤᠨ ᠲᠠᠰ ᠤᠨ ᠤᠳᠤᠷᠢᠳᠤᠯᠭ᠎ᠠ 21 ᠬᠤᠰᠢᠭᠤᠨ ᠤ ᠰᠢᠭᠤᠳ ᠬᠠᠷᠢᠶ᠎ᠠ ᠨᠢᠭᠡᠴᠡ᠂ ᠬᠤᠶᠢᠲᠤ ᠬᠡᠰᠡᠭ ᠤᠨ ︽ᠲᠠᠪᠤᠨ ᠰᠢᠶᠠᠩ ᠨᠢᠭᠡ ᠲᠠᠯᠠᠪᠠᠶ︾ ᠶᠢᠨ ᠨᠠᠮ ᠤᠨ ᠭᠡᠰᠢᠭᠦᠨ ᠺᠠᠳ᠋ᠷ᠂ ᠬᠡᠰᠡᠭ ᠬᠥᠳᠡᠯᠮᠦᠷᠢ ᠶᠢᠨ ᠵᠢᠱᠢᠶᠡᠴᠢ ᠪᠠ ᠨᠢᠭᠡᠳᠦᠭᠡᠷ ᠹᠷᠣᠨᠲ ᠤᠨ 300 ᠭᠠᠷᠤᠶ ᠠᠵᠢᠯᠲᠡᠳ ᠣᠷᠣᠶ ᠶᠢᠨ ᠰᠦᠮ᠎ᠡ ᠶᠢᠨ ᠬᠤᠶᠠᠷ ᠤᠰᠤ ᠭᠠᠴᠠᠭ᠎ᠠ ᠳᠤ ᠴᠤᠭᠯᠠᠷᠠᠵᠤ᠂ ᠬᠠᠮᠲᠤᠪᠠᠷ ᠡᠪᠡᠰᠦᠨ ᠳᠦᠷᠪᠡᠯᠵᠢ᠂ ᠬᠠᠷᠭᠠᠨ᠎ᠠ ᠲᠠᠷᠢᠵᠤ᠂ ︽ᠪᠣᠬᠢᠷᠲᠤᠯ ᠥᠬᠡᠶ ᠠᠵᠢᠯᠯᠠᠭ᠎ᠠ︾ ᠪᠠᠷ ᠠᠮᠢ ᠠᠬᠤᠶ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃
 C:\Users\Administrator\Desktop\10.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠ ᠯᠢ ᠬᠤᠸᠠ ᠵᠡᠷᠭᠡ ᠬᠤᠰᠢᠭᠤᠨ ᠲᠡᠰ ᠤᠨ ᠤᠳᠤᠷᠢᠳᠤᠯᠭ᠎ᠠ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠺᠠᠳ᠋ᠷ ᠤᠯᠠᠨ ᠲᠦᠮᠡᠨ ᠲᠠᠢ ᠮᠥᠷᠥ ᠵᠡᠷᠭᠡᠴᠡᠨ ᠬᠥᠳᠡᠯᠮᠦᠷᠢᠯᠡᠵᠦ᠂ ᠬᠠᠮᠲᠤᠪᠠᠷ ᠡᠯᠡᠰᠦ ᠶᠢ ᠵᠠᠰᠠᠵᠤ ᠣᠶᠢᠵᠢᠭᠤᠯᠬᠤ ᠠᠵᠢᠯᠯᠠᠭ᠎ᠠ ᠳᠤ ᠣᠷᠣᠯᠴᠠᠪᠠ᠃ ᠲᠤᠲᠤᠷᠭᠠᠨ ᠡᠪᠡᠰᠦ ᠶᠢ ᠲᠡᠭᠰᠢᠯᠡᠬᠦ ᠠᠴᠠ ᠡᠯᠡᠰᠦᠨ ᠬᠠᠯᠬᠠᠪᠴᠢ ᠪᠣᠰᠬᠠᠬᠤ᠂ ᠬᠠᠷᠭᠠᠨ᠎ᠠ ᠶᠢᠨ ᠴᠢᠬᠢ ᠶᠢ ᠨᠠᠷᠢᠯᠢᠭ  ᠣᠨᠤᠪᠴᠢᠲᠠᠢ ᠪᠠᠷ ᠵᠠᠶᠢᠯᠠᠬᠤ ᠬᠦᠷᠲᠡᠯ᠎ᠡ᠂ ᠣᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃ ᠣᠶᠢᠵᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠷᠭᠡᠵᠢᠯ ᠤᠨ ᠠᠵᠢᠯᠲᠠᠳ ᠪᠥᠬᠦ ᠶᠠᠪᠤᠴᠠ ᠳᠤ ᠠᠩᠭᠢ ᠳᠠᠭᠠᠵᠤ ᠵᠢᠭᠠᠨ ᠵᠢᠯᠣᠭᠤᠳᠴᠤ᠂ ᠲᠤᠬᠠᠶ ᠶᠢᠨ ᠲᠠᠯᠠᠪᠠᠢ ᠳᠤ ︽ᠨᠡᠭᠦᠳᠡᠯ ᠬᠢᠴᠢᠶᠡᠯ ᠤᠨ ᠲᠠᠩᠬᠢᠮ︾ ᠭᠠᠷᠭᠠᠵᠤ᠂  ᠡᠯᠡᠰᠦᠨ ᠬᠠᠯᠬᠠᠪᠴᠢ ᠪᠣᠰᠬᠠᠬᠤ ᠪᠠ ᠬᠠᠷᠠᠭᠠᠨ᠎ᠠ ᠲᠠᠷᠢᠬᠤ ᠮᠡᠷᠭᠡᠵᠢᠯ ᠢ ᠵᠢᠭᠠᠨ ᠵᠢᠯᠤᠭᠤᠳᠪᠠ᠃     ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠳᠤ 200 ᠭᠠᠷᠤᠶ ᠮᠥ ᠲᠤᠲᠤᠷᠭᠠᠨ  ᠡᠪᠡᠰᠦᠨ ᠡᠯᠡᠰᠦᠨ ᠬᠠᠯᠬᠠᠪᠴᠢ  ᠪᠣᠰᠬᠠᠵᠤ᠂ 3 ᠲᠦᠮᠡ ᠭᠠᠷᠤᠶ ᠲᠤᠲᠤᠷᠭᠠᠨ ᠡᠪᠡᠰᠦᠨ ᠤ ᠲᠣᠤᠷ ᠢ ᠪᠣᠶ ᠪᠣᠯᠭᠠᠵᠤ᠂ 3 ᠲᠦᠮᠡ ᠭᠠᠷᠤᠶ ᠰᠠᠭᠤᠷᠢ ᠬᠠᠷᠭᠠᠨ᠎ᠠ ᠲᠠᠷᠢᠭᠰᠠᠨ ᠪᠠᠶᠢᠨ᠎ᠠ᠃ ᠬᠥᠨᠳᠡᠯᠡᠨ ᠭᠤᠯᠳᠤ ᠰᠦᠯᠵᠢᠯᠳᠦᠭᠰᠡᠨ ᠡᠪᠡᠰᠦᠨ ᠳᠥᠷᠪᠡᠯᠵᠢ ᠶᠠᠭ ᠠᠯᠲᠠᠨ ᠥᠩᠭᠡ ᠶᠢᠨ ᠲᠣᠣᠷ ᠢᠶᠠᠷ ᠮᠠᠩᠬ᠎ᠠ ᠶᠢ  ᠳᠣᠭᠲᠠᠪᠤᠷᠢᠵᠢᠭᠤᠯᠵᠤ᠂ ᠰᠠᠭᠤᠷᠢ ᠰᠠᠭᠤᠷᠢ ᠬᠠᠷᠭᠠᠨ᠎ᠠ ᠶᠢᠨ ᠨᠢᠯᠬ᠎ᠠ ᠴᠢᠬᠢ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ︽ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ︾ ᠪᠠ ︽ᠠᠮᠢᠳᠤ ᠪᠣᠳᠠᠰ  ᠢᠶᠠᠷ ᠰᠠᠭᠤᠷᠢ ᠶᠢ ᠪᠠᠬᠢᠵᠢᠭᠦᠯᠬᠦ︾ ᠰᠠᠶᠢᠨ ᠣᠷᠴᠢᠯ ᠢ ᠪᠣᠶ ᠪᠣᠯᠭᠠᠪᠠ᠃
 C:\Users\Administrator\Desktop\11.jpg
    ᠪᠥᠬᠦ ᠬᠤᠰᠢᠭᠤᠨ ᠤ 2025 ᠣᠨ ᠤ ᠡᠴᠦᠰ ᠤᠨ ᠨᠢᠭᠡ ᠬᠡᠰᠡᠭ ᠨᠡᠭᠦᠳᠡᠯ ᠡᠯᠡᠰᠦ ᠶᠢ ᠵᠠᠰᠠᠬᠤ ᠡᠭᠦᠷᠭᠡ ᠪᠡᠶᠡᠯᠡᠭᠳᠡᠬᠦ ᠶᠢ ᠳᠠᠭᠠᠯᠳᠤᠨ᠂ ᠠᠤᠬᠠᠨ ᠬᠤᠰᠢᠭᠤ 2025 ᠣᠨ ᠤ ᠬᠤᠷᠴᠢᠨ ᠤ ᠡᠯᠡᠰᠦᠷᠬᠡᠭ ᠭᠠᠵᠠᠷ ᠢ  ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠠᠮᠵᠢᠯᠲᠠ ᠲᠠᠢ ᠲᠡᠭᠦᠰᠬᠦ ᠶᠢ ᠵᠢᠩᠬᠢᠨᠢ ᠪᠠᠷ ᠨᠡᠶᠢᠲᠡᠯᠡᠪᠡ᠃ ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠨᠢ ᠠᠮᠢ ᠠᠬᠤᠶ ᠶᠢ ᠰᠡᠷᠭᠦᠭᠡᠬᠦ ᠪᠣᠳᠠᠲᠠᠶ ᠠᠵᠢᠯᠯᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠠᠷᠠᠳ ᠢᠶᠠᠷ ᠢᠶᠠᠨ ᠠᠮᠢ ᠠᠬᠤᠶ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠶᠢᠨ ᠠᠮᠢᠳᠤᠯᠢᠭ ᠬᠤᠷᠢᠶᠠᠩᠭᠤᠶ ᠳᠦᠷᠰᠦ ᠮᠥᠨ᠃ ᠠᠤᠬᠠᠨ ᠬᠤᠰᠢᠭᠤ ︽ᠭᠤᠷᠪᠠᠨ ᠤᠮᠠᠷᠠᠲᠤ ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠵᠤ᠂ ︽ᠨᠠᠮ ᠤᠨ ᠪᠠᠶᠢᠭᠤᠯᠤᠯᠲᠠ ᠶᠢᠨ ᠬᠤᠪᠢᠰᠬᠠᠯ︾ ᠢᠶᠠᠷ ︽ᠠᠮᠢ ᠠᠬᠤᠶ ᠶᠢᠨ ᠨᠣᠭᠤᠭᠠᠷᠠᠭᠤᠯᠤᠯᠲᠠ︾ ᠶᠢ ᠬᠥᠲᠥᠯᠥᠨ ᠳᠠᠭᠠᠭᠤᠯᠵᠤ ᠂ ᠪᠣᠬᠢᠷᠲᠤᠯ ᠥᠬᠡᠶ ᠪᠠᠶᠢᠬᠤ ᠶᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠨᠠᠩ ᠢᠯᠡ ᠲᠣᠳᠣ ᠰᠠᠭᠤᠷᠢ ᠥᠩᠭᠡ ᠪᠣᠯᠭᠠᠨ᠎ᠠ᠃ ︵ᠰᠤᠷᠪᠤᠯᠵᠢᠯᠠᠭᠴᠢ /  ᠸᠠᠩ ᠾᠧ ᠨᠠᠨ    ᠸᠧᠢ ᠵᠢᠶᠠ ᠶᠠᠨ     ᠯᠢ ᠶᠢᠩ       ᠴᠢᠮᠡᠭᠡᠯᠡᠭᠴᠢ / ᠶᠠᠩ ᠵᠢᠩ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号