| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠠᠨᠨᠢᠷ · ᠨᠦᠸᠧᠶᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ | ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ | ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ | ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠭᠦᠨᠵᠡᠭᠡᠶᠢᠷᠡᠵᠦ᠂ | ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ | ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ ᠳᠤᠮᠳᠠᠳᠤ ᠡᠺᠦ᠋ᠸᠠᠳᠣᠷ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠣᠢ ᠪᠣᠯᠣᠨ᠎ᠠ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ | ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ | ᠰᠣᠩᠭᠤᠭᠳᠠᠭᠰᠠᠨ ᠫᠢᠩᠲ᠋ᠦ᠋ᠸᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃ | | | | | | | | | | | | | | | | | |