ᠰᠢ ᠶᠢᠨ ᠫᠢᠩ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2025/4/25
      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ  4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ᠎ᠠ ᠭᠡᠵᠦ ᠨᠡᠶᠢᠲᠡᠯᠡᠪᠡ᠃
C:\Users\Administrator\Desktop\10.jpg
    4 ᠰᠠᠷ᠎ᠠ ᠶᠢᠨ 23 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ  ᠬᠠᠲᠤᠨ ᠫᠧᠩ ᠯᠢ ᠶᠤᠸᠠᠨ ᠲᠠᠢ ᠪᠠᠨ ᠠᠯᠢᠶᠧᠹ ᠪᠣᠯᠣᠨ ᠲᠡᠭᠦᠨ ᠤ ᠬᠠᠲᠤᠨ ᠠᠯᠢᠶ᠋ᠸᠧᠠ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶      ᠰᠢ ᠶᠢᠨ ᠫᠢᠩ᠂ ᠵᠣᠷᠢᠯᠲᠠ ᠨᠢᠭᠡᠲᠡᠳ ᠵᠠᠮ ᠢ ᠬᠤᠯᠠ ᠭᠡᠵᠦ ᠴᠥᠬᠦᠷᠡᠳᠡᠭ ᠦᠭᠡᠢ᠃ ᠬᠡᠳᠦᠶᠢᠪᠡᠷ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠭᠠᠵᠠᠷ ᠵᠦᠢ ᠶᠢᠨ ᠪᠠᠶᠢᠷᠢᠰᠢᠯ ᠳᠤ ᠬᠢᠵᠠᠭᠠᠷᠯᠠᠭᠳᠠᠭᠰᠠᠨ ᠦᠭᠡᠢ᠂ ᠶᠠᠪᠤᠬᠤ ᠲᠤᠳᠤᠮ ᠪᠠᠬᠢᠵᠢᠪᠡ᠃ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠶᠢ ᠡᠷᠭᠢᠮᠯᠡᠭᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠳᠤ ᠬᠠᠨᠳᠤᠵᠤ ᠬᠥᠭᠵᠢᠭᠦᠯᠪᠡ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠨᠡᠮᠡᠭᠳᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠳᠤᠮᠳᠠᠳᠤ ᠠᠽᠧᠷᠪᠠᠶᠢᠵᠠᠨ ᠤ ᠪᠦᠭᠦ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠵᠦ᠂ ᠬᠤᠶᠠᠷ ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠯᠴᠡᠬᠦ ᠪᠣᠯ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠢᠯᠢᠳᠡᠭ ᠤᠯᠠᠮᠵᠢᠯᠠᠯ ᠪᠤᠯᠬᠤ ᠪᠥᠭᠡᠳ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠤ ᠬᠤᠪᠢ ᠳᠤ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠳᠤᠮᠳᠠᠳᠤ ᠤᠯᠤᠰ ᠠᠽᠧᠷᠪᠠᠶᠢᠵᠠᠨ ᠤ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠵᠠᠮᠨᠠᠬᠤ ᠶᠢ ᠳᠡᠮᠵᠢᠨ᠎ᠠ᠃ ᠠᠽᠧᠷᠪᠠᠶᠢᠵᠠᠨ ᠯᠤᠭ᠎ᠠ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠭᠦᠨ᠎ᠡ᠃ ᠳᠤᠮᠳᠠᠳᠤ ᠠᠽᠧᠷᠪᠠᠶᠢᠵᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠭᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ᠃ ᠦᠵᠦ ᠲᠥᠯᠥᠪᠯᠡᠭᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ᠃ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠤᠨ ᠳᠡᠮᠵᠢᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭ᠎ᠠ ᠶᠢᠨ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠳᠠᠶᠢᠨ ᠨᠢ ᠡᠯ᠎ᠡ ᠤᠯᠤᠰ ᠤᠨ ᠵᠦᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠪᠳᠡᠵᠦ᠂ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠢ ᠲᠠᠭᠠᠷᠢᠪᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃      ᠠᠯᠢᠶᠧᠹ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠲᠦᠷᠭᠡᠨ ᠬᠥᠭᠵᠢᠵᠦ᠂ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠠᠰᠤᠷᠠᠯᠳᠡ ᠦᠭᠡᠢ ᠳᠡᠭᠡᠭᠰᠢᠯᠡᠪᠡ᠃ ᠬᠡᠳᠦᠶᠢᠪᠡᠷ ᠳᠡᠯᠡᠬᠡᠢ ᠳ᠋ᠠᠬᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠣᠷᠣᠰᠢᠵᠤ ᠪᠠᠶᠢᠭ᠎ᠠ ᠪᠤᠯᠪᠠᠴᠤ ᠠᠽᠧᠷᠪᠠᠶᠢᠵᠠᠨ ᠪᠣᠯᠣᠨ ᠳᠤᠮᠳᠠᠳᠤ ᠤᠯᠤᠰ ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠢᠲᠡᠭᠡᠯᠴᠡᠵᠦ᠂ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠲᠦᠷᠭᠡᠨ ᠬᠥᠭᠵᠢᠵᠦ᠂ ᠣᠷᠣᠨ ᠨᠤᠲᠤᠭ ᠤᠨ ᠰᠣᠯᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠬᠤᠯᠪᠣᠯᠳᠤᠨ ᠨᠡᠪᠲᠡᠷᠡᠯᠴᠡᠬᠦ ᠠᠵᠢᠯ ᠲᠦᠷᠭᠡᠨ ᠠᠬᠢᠴᠠ ᠲᠠᠢ ᠪᠣᠯᠪᠠ᠃ ᠠᠽᠧᠷᠪᠠᠶᠢᠵᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠳᠡᠮᠵᠢᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠬᠥᠭᠵᠢᠯ ᠴᠡᠴᠡᠭᠯᠡᠯ ᠳᠤ ᠠᠰᠢᠭᠲᠠᠢ ᠶᠤᠮ᠂ ᠠᠽᠧᠷᠪᠠᠶᠢᠵᠠᠨ ᠤ ᠬᠢᠨ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠢᠳᠡᠪᠬᠢᠲᠡᠢ ᠲᠡᠮᠵᠢᠵᠥ ᠪᠠᠶᠢᠨ᠎ᠠ᠃ ᠠᠽᠧᠷᠪᠠᠶᠢᠵᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠲᠦᠷᠦ ᠶᠢᠨ ᠨᠠᠮ ᠵᠢᠴᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠠᠽᠧᠷᠪᠠᠶᠢᠵᠠᠨ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠠᠤᠯᠢ ᠴᠠᠭᠠᠵᠠ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ ᠡᠷᠬᠡ᠂ ᠰᠠᠨᠰᠠᠷ ᠤᠨ ᠠᠶᠠᠯᠠᠯ ᠵᠡᠷᠭᠡ ᠬᠦᠷᠢᠶᠡᠨ ᠳᠠᠬᠢ 20 ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃      ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠠᠯᠢᠶᠧᠹ ᠪᠣᠯᠣᠨ ᠲᠡᠭᠦᠨ ᠤ ᠬᠠᠳᠤᠨ ᠠᠯᠢᠶ᠋ᠸᠧᠠ ᠶᠢ ᠤᠭᠲᠤᠬᠤ ᠶᠣᠰᠣᠯᠠᠯ ᠶᠠᠪᠤᠭᠤᠯᠪᠠ᠃      ᠠᠯᠢᠶᠧᠹ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠰᠢ ᠶᠢᠨ ᠫᠢᠩ ᠠᠯᠢᠶᠧᠹ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠠᠽᠧᠷᠪᠠᠶᠢᠵᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠠᠯᠢᠶᠧᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃      ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠠᠯᠢᠶᠧᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号