ᠰᠢ ᠶᠢᠨ ᠫᠢᠩ ᠬᠤᠶᠠᠷ ᠢ ᠬᠦᠷᠢᠶᠡᠯᠡᠬᠦ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠦᠷᠭᠦᠯᠵᠢᠯᠡᠨ ᠪᠢᠴᠢᠭᠯᠡᠬᠦ ᠬᠡᠷᠡᠭᠲᠡᠢ  ᠯᠢ ᠴᠢᠶᠠᠩ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/4/25
      ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠶᠠᠷ ᠢ ᠬᠦᠷᠢᠶᠡᠯᠡᠬᠦ ᠠᠵᠢᠯ ᠳᠤ ᠴᠢᠬᠤᠯᠠ ᠵᠢᠭᠠᠪᠤᠷᠢ ᠥᠭᠴᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ ᠲᠦᠮᠡᠨ ᠤ ᠰᠢᠯᠢᠳᠡᠭ ᠤᠯᠠᠮᠵᠢᠯᠠᠯ ᠪᠠ ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠥᠨ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠬᠤ ᠬᠡᠷᠡᠭᠲᠡᠢ᠃ ᠴᠡᠷᠢᠭ ᠠᠩᠭᠢ ᠵᠣᠷᠢᠯᠲᠠ ᠶᠢᠨ ᠤᠬᠠᠮᠰᠠᠷ ᠢᠶᠠᠨ ᠪᠠᠲᠤ ᠪᠤᠢ ᠪᠤᠯᠭᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠤᠶᠠᠨ ᠦᠢᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃      ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 ᠰᠠᠷ᠎ᠠ ᠶᠢᠨ 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ ᠤᠳᠤᠷᠢᠳᠤᠭᠰᠠᠨ ᠲᠡᠦᠬᠡᠨ ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃      ᠯᠢ ᠴᠢᠶᠠᠩ᠂ ᠣᠶᠢᠷ᠎ᠠ ᠶᠢᠨ ᠵᠢᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ ᠲᠠᠯ᠎ᠠ ᠶᠢᠨ  ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠰᠢᠰᠲ᠋ᠧᠮ ᠨᠡᠩ ᠪᠦᠷᠢᠨᠰᠢᠵᠦ᠂ ᠨᠡᠶᠢᠭᠡᠮ ᠤᠨ ᠴᠡᠷᠢᠭ ᠢ ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠭᠦ ᠴᠡᠷᠢᠭ ᠠᠩᠭᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠣᠷᠣᠯᠴᠠᠵᠤ᠂ ᠠᠶᠤᠯ ᠭᠠᠮᠰᠢᠭ ᠠᠴᠠ ᠠᠪᠤᠷᠠᠬᠤ᠂ ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠤᠶᠠᠷ ᠢ ᠬᠦᠷᠢᠶᠡᠯᠡᠬᠦ ᠠᠵᠢᠯ ᠨᠢ ᠴᠡᠷᠢᠭ ᠠᠩᠭᠢ ᠪᠠ ᠣᠷᠣᠨ ᠨᠤᠲᠤᠭ ᠲᠠᠢ ᠬᠠᠷᠢᠯᠴᠠᠵᠤ᠂ ᠴᠡᠷᠢᠭ ᠠᠷᠠᠳ ᠢ ᠪᠦᠯᠬᠦᠮᠳᠡᠭᠦᠯᠵᠦ᠂ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠬᠤ ᠴᠢᠬᠤᠯᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠢ ᠬᠤᠣᠰ ᠴᠢᠭᠯᠡᠯ ᠢᠶᠠᠷ ᠳᠡᠮᠵᠢᠬᠦ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃      ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠣᠨ ᠪᠦᠭᠦ ᠲᠠᠯ᠎ᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠠᠯᠪᠠᠨ ᠳᠤ ᠪᠠᠶᠢᠭ᠎ᠠ ᠴᠡᠷᠢᠭ ᠪᠣᠯᠣᠨ ᠠᠯᠪᠠ ᠠᠴᠠ ᠬᠠᠯᠠᠭᠳᠠᠭᠰᠠᠨ ᠴᠡᠷᠢᠭ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠴᠡᠷᠢᠭ ᠬᠥᠮᠥᠨ ᠤ ᠬᠠᠯᠠᠮᠵᠢᠯᠠᠵᠤ ᠪᠠᠶᠢᠭ᠎ᠠ ᠦᠷ᠎ᠡ ᠬᠡᠦᠬᠡᠳ ᠤᠨ ᠬᠢᠨᠢ ᠰᠤᠷᠭᠠᠨ ᠬᠥᠮᠦᠵᠢᠯ᠂ ᠭᠡᠷ ᠪᠦᠯᠢ ᠶᠢᠨ ᠬᠢᠨ ᠤ ᠠᠵᠢᠯ ᠣᠯᠭᠤᠯᠲᠠ᠂ ᠡᠴᠢᠭᠡ ᠡᠬᠡ ᠶᠢᠨ ᠬᠢᠨᠢ ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠴᠢᠩ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠰᠠᠷᠠᠮᠵᠢ ᠬᠠᠷᠠᠭᠠᠯᠵᠠᠯ ᠪᠠ ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠴᠡᠷᠢᠭ ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠷᠣᠨ ᠨᠤᠲᠤᠭ ᠲᠤ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠨᠡᠶᠢᠭᠡᠮ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶ᠎ᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠶᠡᠭᠡ ᠬᠤᠷᠠᠯ ᠠᠴᠠ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠲᠤᠬᠠᠢ ᠲᠣᠭᠲᠠᠭᠠᠯ ᠢ ᠤᠩᠰᠢᠨ ᠨᠡᠶᠢᠲᠡᠯᠡᠵᠦ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ ᠳᠤ ᠱᠠᠩᠨᠠᠯ ᠣᠯᠭᠤᠪᠠ᠃ ᠬᠤᠯᠪᠣᠭᠳᠠᠯ ᠪᠦᠬᠦᠢ ᠴᠡᠷᠢᠭ ᠠᠩᠭᠢ ᠪᠠ ᠣᠷᠣᠨ ᠨᠤᠲᠤᠭ ᠤᠨ ᠲᠥᠯᠥᠭᠡᠯᠡᠭᠴᠢ ᠦᠭᠡ ᠬᠡᠯᠡᠪᠡ᠃      ᠱᠢ ᠲᠠᠢ ᠹᠧᠩ᠂ ᠯᠢ ᠱᠤ᠋ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ ᠶᠡᠭᠡ ᠬᠤᠷᠠᠯ ᠳᠤ ᠣᠷᠣᠯᠴᠠᠪᠠ᠃ ᠴᠧᠨ ᠢ ᠴᠢᠨ ᠶᠡᠭᠡ ᠬᠤᠷᠠᠯ ᠢ ᠡᠷᠭᠢᠯᠡᠵᠡᠢ᠃      ᠨᠡᠷᠡᠶᠢᠳᠦᠭᠳᠡᠭᠰᠡᠨ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ ᠬᠦᠷᠢᠶᠡᠯᠡᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号