| ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠴᠢᠭᠯᠡᠯ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠨ᠂ | ᠲᠤᠭ᠎ᠠ ᠪᠦᠷᠢᠳᠬᠡᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 27 ᠤ | ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠭᠤᠤᠯᠳᠠᠯᠭ᠎ᠠ ᠲᠠᠢ ᠠᠵᠢᠯ ᠢ | ᠠᠬᠢᠭᠤᠯᠬᠤ ᠬᠤᠷᠠᠯ ᠬᠤᠷᠠᠯᠳᠤᠵᠤ᠂ ᠪᠥᠬᠦ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠳᠠᠮᠵᠢᠭᠤᠯᠬᠤ ᠶᠢᠨ ᠬᠠᠮᠲᠤ 2025 ᠣᠨ ᠤ ᠭᠤᠤᠯᠳᠠᠯᠭ᠎ᠠ ᠲᠠᠢ ᠠᠵᠢᠯ ᠳᠤ ᠨᠠᠷᠢᠨ ᠲᠣᠬᠢᠷᠠᠭᠤᠯᠤᠯᠲᠠ | ᠪᠠ ᠪᠠᠶᠢᠷᠢᠯᠠᠭᠤᠯᠤᠯᠲᠠ ᠬᠢᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠸᠧᠨ ᠹᠧᠩ ᠵᠢᠶᠠᠩ ᠬᠤᠷᠠᠯ ᠢ ᠡᠷᠭᠢᠯᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠸᠧᠨ ᠹᠧᠩ ᠵᠢᠶᠠᠩ ᠨᠥᠬᠦᠷ ᠪᠦᠬᠦ ᠬᠤᠳᠠ ᠶᠢᠨ ᠲᠤᠭ᠎ᠠ ᠪᠦᠷᠢᠳᠬᠡᠯ ᠤᠨ ᠠᠵᠢᠯ ᠤᠨ | ᠬᠤᠷᠠᠯ ᠤᠨ ᠭᠤᠣᠯ ᠠᠭᠤᠯᠭ᠎ᠠ ᠶᠢ ᠪᠦᠬᠦ ᠲᠠᠯ᠎ᠠ ᠪᠠᠷ ᠳᠠᠮᠵᠢᠭᠤᠯᠵᠤ᠂ ᠬᠤᠳᠠ ᠶᠢᠨ ᠲᠤᠭ᠎ᠠ ᠪᠦᠷᠢᠳᠬᠡᠯ ᠤᠨ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠭᠰᠠᠨ ᠪᠥᠭᠡᠳ | 2025 ᠣᠨ ᠤ ᠠᠤᠬᠠᠨ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠰᠡᠳᠬᠢᠴᠡ ᠪᠣᠯᠤᠨ ᠴᠢᠷᠮᠠᠶᠢᠬᠤ | ᠴᠢᠭᠯᠡᠯ ᠢ ᠪᠦᠬᠦ ᠲᠠᠯ᠎ᠠ ᠪᠠᠷ ᠡᠮᠬᠢᠯᠡᠪᠡ᠃ | ᠬᠤᠷᠠᠯ ᠠᠴᠠ᠂ ᠪᠦᠬᠦ ᠺᠠᠳ᠋ᠷ ᠠᠵᠢᠯᠳᠠᠨ ᠠᠵᠢᠯᠴᠢᠨ ᠪᠦᠬᠦ ᠬᠤᠳᠠ ᠶᠢᠨ ᠲᠤᠭ᠎ᠠ ᠪᠦᠷᠢᠳᠬᠡᠯ ᠤᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ | ᠴᠢᠩᠭ᠎ᠠ ᠣᠪᠣᠷ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠲᠤᠭ᠎ᠠ ᠪᠦᠷᠢᠳᠬᠡᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠂ ᠰᠤᠷᠤᠯᠴᠠᠯᠭ᠎ᠠ ᠪᠠᠨ ᠴᠢᠩᠭᠠᠳᠬᠠᠵᠤ᠂ ᠦᠵᠡᠯ | ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠪᠥᠬᠦ ᠲᠠᠯ᠎ᠠ ᠪᠠᠷ | ᠳᠡᠭᠡᠳᠦ ᠳᠤᠤᠷᠠᠳᠤ ᠱᠠᠲᠤ ᠪᠠᠷ ᠢᠶᠠᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ | ᠣᠶᠢᠯᠠᠭᠠᠵᠤ᠂ ᠬᠤᠲᠠ ᠶᠢᠨ ᠲᠣᠪᠴᠢᠶ᠎ᠠ ᠶᠢᠨ ᠢᠯᠡᠳᠬᠡᠯ ᠳᠠᠬᠢ ︽ᠲᠤᠯᠤᠭᠠᠨ ᠠᠩᠬᠠᠷᠤᠯ︾ ᠤᠨ ᠠᠵᠢᠯ ᠤᠨ | ᠡᠷᠭᠢᠴᠡᠭᠦᠯᠦᠯ ᠪᠠ ︽ᠵᠢᠷᠭᠤᠭᠠᠨ ᠤᠬᠠᠮᠰᠠᠷ ᠢ ᠪᠣᠶ ᠪᠣᠯᠭᠠᠬᠤ︾ ᠠᠵᠢᠯ ᠤᠨ ᠡᠭᠦᠷᠭᠡ ᠶᠢ ᠨᠠᠷᠢᠨ ᠬᠢᠨᠠᠮᠠᠭᠠᠶ | ᠣᠶᠢᠯᠠᠭᠠᠵᠤ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ᠂ | ᠠᠵᠢᠯ ᠢᠶᠠᠨ ᠠᠬᠢᠭᠤᠯᠬᠤ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠶ᠃ ᠬᠤᠶᠠᠷ ᠲᠤ᠂ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠰᠢᠯᠢᠳᠡᠭᠵᠢᠭᠦᠯᠦᠨ | ᠨᠠᠷᠢᠯᠢᠭᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠶ ᠰᠤᠷᠤᠯᠴᠠᠨ ᠨᠠᠶᠢᠳᠠᠪᠤᠷᠢᠵᠢᠭᠤᠯᠵᠤ᠂ ᠬᠤᠲᠠ ᠶᠢᠨ ᠲᠣᠪᠴᠢᠶ᠎ᠠ ᠶᠢᠨ ︽ᠵᠢᠷᠭᠤᠭᠠᠨ | ᠤᠬᠠᠮᠰᠠᠷ ᠢ ᠪᠣᠶ ᠪᠣᠯᠭᠠᠬᠤ︾ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠲᠤᠭ᠎ᠠ ᠪᠦᠷᠢᠳᠬᠡᠯ ᠤᠨ | ᠭᠤᠤᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠨ᠎ᠠ᠃ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠥᠨᠳᠥᠷ ᠪᠦᠲᠦᠮᠵᠢᠲᠡᠶ ᠲᠤᠭ᠎ᠠ ᠪᠦᠷᠢᠳᠬᠡᠯ ᠤᠨ ᠲᠤᠯᠭᠠᠭᠤᠷᠢᠯᠠᠯ | ᠬᠠᠩᠭᠠᠵᠤ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ᠂ ᠠᠰᠠᠭᠤᠳᠠᠯ ᠳᠤ ᠵᠥᠪ ᠢᠶᠠᠷ | ᠬᠠᠨᠳᠤᠵᠤ᠂ ᠳᠤᠲᠠᠭᠤᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠬᠤᠲᠠ ᠶᠢᠨ ᠲᠣᠪᠴᠢᠶ᠎ᠠ ᠶᠢᠨ ᠠᠵᠢᠯ ᠤᠨ ᠮᠡᠳᠡᠭᠦᠯᠦᠯᠲᠡ᠂ ᠡᠯ᠎ᠡ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠶᠢᠨ ᠠᠵᠢᠯ ᠤᠨ ᠦᠨᠡᠯᠡᠯᠲᠡ ᠪᠠ ᠠᠵᠢᠯ ᠤᠨ ᠪᠠᠶᠢᠷᠢᠯᠠᠭᠤᠯᠤᠯᠲᠠ ᠲᠠᠢ ᠬᠠᠷᠢᠴᠠᠭᠤᠯᠤᠨ᠂ ᠡᠯ᠎ᠡ | ᠲᠠᠰᠤᠭ᠂ ᠡᠯ᠎ᠡ ᠲᠤᠰᠬᠠᠶ ᠮᠡᠷᠭᠡᠵᠢᠯ ᠤᠨ ᠬᠢᠨ ᠭᠤᠤᠯᠳᠠᠯᠭ᠎ᠠ ᠲᠠᠢ ᠡᠭᠦᠷᠭᠡ ᠶᠢᠨ ᠵᠦᠢᠯᠡᠰ ᠪᠠ ᠣᠷᠣᠰᠢᠵᠤ ᠪᠠᠶᠢᠭ᠎ᠠ | ᠠᠰᠠᠭᠤᠳᠠᠯ ᠢ ᠡᠮᠬᠢᠯᠡᠵᠦ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠵᠠᠳᠠᠯᠤᠭᠰᠠᠨ ᠡᠬᠡ ᠲᠠᠩᠰᠠ ᠪᠠ | ᠠᠰᠠᠭᠤᠳᠠᠯ ᠤᠨ ᠨᠠᠷᠢᠨ ᠲᠠᠩᠰᠠ ᠶᠢᠨ ᠡᠬᠡ ᠲᠠᠩᠰᠠ ᠶᠢ ᠰᠠᠶᠢᠲᠤᠷ ᠪᠠᠶᠢᠭᠤᠯᠵᠤ᠂ ᠬᠠᠷᠢᠭᠤᠴᠠᠯᠭᠠᠲᠠᠨ ᠢ | ᠲᠣᠳᠣᠷᠬᠠᠶᠢᠯᠠᠨ᠂ ᠲᠣᠭᠲᠠᠭᠰᠠᠨ ᠬᠤᠭᠤᠴᠠᠭᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ |