ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ︽ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠬᠤ︾  ᠢᠯᠭᠠᠯᠲᠤ ᠵᠦᠪᠯᠡᠯᠭᠡᠨ ᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/4/28
       4 ᠰᠠᠷ᠎ᠠ ᠶᠢᠨ 25 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠭᠡᠰᠢᠭᠦᠳ ᠢ ᠵᠣᠬᠢᠶᠠᠨ ᠪᠠᠶᠢᠭᠤᠯᠵᠤ᠂ ︽ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠢᠯᠭᠠᠯᠲᠤ ᠵᠦᠪᠯᠡᠯᠭᠡᠨ ᠤ ᠬᠤᠷᠠᠯ ᠬᠢᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠦ᠋ ᠢᠦᠶ ᠵᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠯᠦᠩ ᠰᠢᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
C:\Users\Administrator\Desktop\1.jpg
    ᠲᠣᠰ ᠤᠳᠠᠭᠠᠨ ᠤ ᠵᠥᠪᠳᠡᠯᠴᠡᠬᠦ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠭᠡᠰᠢᠭᠦᠳ ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠮᠣ ᠳ᠋ᠠᠶᠢᠲ᠋ᠠ ᠶᠢᠨ ᠲᠥᠪ᠂ ᠠᠤᠬᠠᠨ ᠬᠤᠰᠢᠭᠤᠨ ᠤ ᠨᠠᠷᠢᠮᠤ ᠶᠢᠨ ᠤᠶᠤᠨᠲᠤ ᠬᠥᠮᠥᠷᠭᠡ ᠵᠢᠴᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠯᠦᠩ ᠰᠢᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠲᠤᠬᠠᠶ ᠶᠢᠨ ᠲᠠᠯᠠᠪᠤᠷ ᠤᠨ ᠲᠠᠶᠢᠯᠤᠮᠵᠢ ᠶᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃
 C:\Users\Administrator\Desktop\2.jpg
   ᠵᠦᠪᠳᠡᠯᠴᠡᠬᠦ ᠬᠤᠷᠠᠯ ᠳᠡᠭᠡᠷ᠎ᠡ᠂ ᠯᠦᠩ ᠰᠢᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠦᠯᠦᠭᠯᠡᠯ ᠤᠨ ᠳᠣᠤᠷᠠᠬᠢ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ᠂ ᠯᠦᠩ ᠰᠢᠩ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠺᠣᠮᠫᠠᠨᠢ᠂ ᠯᠦᠩ ᠰᠢᠩ  ᠪᠣᠬᠢᠷᠳᠤᠯ ᠦᠭᠡᠢ ᠬᠥᠳᠡᠯᠭᠡᠭᠡᠨᠲᠦ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠯᠦᠩ ᠶᠤᠸᠠᠨ ᠬᠤᠲᠠ ᠶᠢᠨ ᠶᠠᠪᠤᠳᠠᠯ ᠤᠨ ᠺᠣᠮᠫᠠᠨᠢ ᠵᠡᠷᠭᠡ 10 ᠬᠤᠪᠢᠶᠠᠷᠢ ᠺᠣᠮᠫᠠᠨᠢ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠭᠤᠣᠯᠳᠠᠯᠭ᠎ᠠ ᠲᠠᠢ ᠲᠠᠨᠢᠯᠴᠠᠭᠤᠯᠪᠠ᠃ ᠭᠡᠰᠢᠭᠦᠳ ᠵᠥᠪᠯᠡᠬᠦ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠵᠤ᠂ ᠰᠢᠨᠵᠢᠯᠡᠨ ᠪᠠᠶᠢᠴᠠᠭᠠᠵᠤ ᠰᠤᠳᠤᠯᠤᠯᠲᠠ ᠬᠢᠬᠦ ᠪᠤᠳᠤᠯ ᠲᠠᠢ ᠤᠶᠠᠯᠳᠤᠭᠤᠯᠤᠨ ᠬᠠᠯᠠᠭᠤᠨ ᠢᠶᠠᠷ ᠶᠠᠷᠢᠯᠴᠠᠭᠰᠠᠨ ᠪᠥᠭᠡᠳ ᠬᠠᠨᠳᠤᠯᠭᠠᠲᠤ ᠴᠢᠨᠠᠷᠲᠠᠢ ︽  ᠠᠷᠭ᠎ᠠ ᠤᠬᠠᠭᠠᠨ︾᠂ ᠰᠠᠶᠢᠨ ᠪᠤᠳᠤᠯ ᠢ ᠳᠤᠷᠠᠳᠴᠠᠢ᠃
C:\Users\Administrator\Desktop\3.jpg
    ᠦ᠋ ᠢᠦᠢ ᠵᠠᠨ ᠤᠯᠠᠨ ᠤ ᠶᠠᠷᠢᠶ᠎ᠠ ᠶᠢ ᠭᠦᠢᠴᠡᠳ ᠨᠤᠲᠠᠯᠠᠵᠤ᠂ ᠤᠯᠤᠰ ᠤᠨ  ᠦᠮᠴᠢᠯᠡᠯᠲᠦ ᠡᠳ᠋ ᠬᠦᠷᠦᠩᠭᠡ ᠤᠯᠤᠰ ᠤᠨ  ᠦᠮᠴᠢᠯᠡᠯᠲᠦ ᠠᠵᠤ ᠠᠬᠤᠶᠢᠯᠠᠯ ᠪᠣᠯ ᠠᠤᠬᠠᠨ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ︽ᠲᠤᠯᠭᠠᠭᠤᠷᠢ ᠬᠦᠴᠦᠨ︾ ᠪᠠ ︽ᠰᠠᠭᠤᠷᠢ ᠴᠢᠯᠠᠭᠤ︾ ᠪᠣᠯᠤᠨ᠎ᠠ᠂ ᠲᠡᠭᠦᠨ ᠤ ᠭᠤᠣᠯᠯᠠᠭᠴᠢ ᠦᠷᠢᠰᠦᠯᠳᠦᠬᠦ ᠬᠦᠴᠦᠨ ᠤ ᠳᠡᠭᠡᠭᠰᠢᠯᠡᠯᠲᠡ ᠨᠢ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠷᠣᠨ ᠪᠦᠰᠡ ᠶᠢᠨ ᠥᠷᠢᠰᠥᠯᠳᠦᠭᠡᠨ ᠢ ᠠᠷᠭᠠᠴᠠᠭᠠᠬᠤ ᠳᠤ ᠲᠦᠢᠯ ᠤᠨ ᠴᠢᠬᠤᠯᠠ ᠶᠤᠮ᠃ ᠲᠡᠷᠡ ᠂ ᠯᠦᠩ ᠰᠢᠩ ᠪᠦᠯᠦᠭᠯᠡᠯ ᠨᠢ ᠬᠤᠰᠢᠭᠤᠨ ᠤ ᠬᠠᠷᠢᠶ᠎ᠠ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠶ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠵᠦᠷᠢᠶᠡᠴᠢᠯᠡᠭᠰᠡᠨ ᠳᠠᠪᠠᠭᠤᠯᠢᠭ ᠢ ᠪᠣᠶ ᠪᠣᠯᠭᠠᠬᠤ ᠬᠡᠷᠡᠭᠲᠡᠶ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠪᠠᠲᠤᠯᠠᠭ᠎ᠠ ᠶᠢ ᠪᠦᠷᠢᠯᠳᠦᠭᠦᠯᠬᠦ ᠬᠡᠷᠡᠭᠲᠡᠢ  ᠭᠡᠵᠦ ᠴᠢᠬᠤᠯᠠᠴᠢᠯᠠᠪᠠ᠃ ᠲᠡᠷᠡ ᠪᠠᠰᠠ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠥᠩᠭᠡᠷᠡᠭᠰᠡᠨ ᠲᠠᠢ ᠪᠠᠨ ᠠᠳᠠᠯᠢ ᠪᠠᠷ ᠲᠠᠪᠴᠠᠩ ᠢ ᠰᠠᠶᠢᠲᠤᠷ ᠪᠠᠶᠢᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ  ᠨᠡᠮᠡᠷᠢᠯᠡᠬᠦ  ᠬᠡᠷᠡᠭᠲᠡᠢ ᠭᠡᠵᠦ ᠢᠯᠡᠷᠬᠡᠶᠢᠯᠡᠪᠡ᠃ ︵ᠰᠤᠷᠪᠤᠯᠵᠢᠯᠠᠭᠴᠢ / ᠯᠢᠦ ᠪᠠᠢ ᠯᠢ          ᠴᠢᠮᠡᠭᠡᠯᠡᠭᠴᠢ / ᠵᠣᠣ ᠰᠢᠶᠣᠣ ᠢᠦᠢ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号