| ᠮᠢᠬᠠᠨ ᠤ ᠵᠦᠢᠯ ᠵᠢᠴᠢ ᠮᠢᠬᠠᠨ ᠤ ᠵᠦᠢᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ | ᠵᠢᠷᠤᠮᠵᠢᠭᠤᠯᠬᠤ ᠶᠢᠨ ᠲᠤᠰᠠᠳᠠ᠂ ᠬᠤᠳᠠᠯ ᠬᠠᠭᠤᠷᠮᠠᠭ ᠴᠢᠨᠠᠷ ᠮᠠᠭᠤ ᠮᠢᠬᠠᠨ ᠤ ᠵᠦᠢᠯ ᠤᠨ ᠵᠠᠬ᠎ᠠ ᠳᠡᠯᠭᠡᠭᠦᠷ ᠲᠤ | ᠣᠷᠣᠬᠤ ᠶᠢ ᠴᠢᠩᠭ᠎ᠠ ᠰᠡᠷᠭᠡᠶᠢᠯᠡᠵᠦ᠂ ᠣᠯᠠᠨ ᠲᠦᠮᠡᠨ ᠤ ︽ᠰᠠᠨᠠᠭ᠎ᠠ ᠠᠮᠤᠷ ᠮᠢᠬ᠎ᠠ︾ ᠢᠳᠡᠬᠦ ᠶᠢ ᠪᠠᠲᠤᠯᠠᠪᠠ᠃ | ᠣᠶᠢᠷ᠎ᠠ ᠳᠤ᠂ ᠶᠢᠨ ᠴᠠᠩ ᠭᠧᠤ ᠯᠢᠶᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ | ᠪᠠᠯᠭᠠᠰᠤᠨ ᠤ ᠲᠣᠮᠢᠯᠠᠭᠰᠠᠨ ᠰᠠᠯᠪᠤᠷᠢ᠂ ᠮᠠᠯ ᠠᠵᠤ ᠠᠬᠤᠶ ᠶᠢᠨ ᠥᠷᠲᠡᠭᠡ ᠲᠠᠢ ᠬᠤᠯᠪᠣᠭᠠᠯᠠᠨ ᠬᠤᠳᠠᠯ ᠬᠠᠭᠤᠷᠮᠠᠭ | ᠴᠢᠨᠠᠷ ᠮᠠᠭᠤ ᠮᠢᠬᠠᠨ ᠤ ᠲᠥᠷᠥᠯ ᠤᠨ ᠦᠢᠯᠡᠳᠬᠦᠨ ᠢ ᠦᠢᠯᠡᠳᠴᠦ ᠪᠣᠷᠣᠯᠠᠭᠤᠯᠬᠤ ᠶᠢ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠮᠢᠬᠠᠨ | ᠢᠳᠡᠭᠡᠨ ᠤ ᠡᠵᠡᠩᠨᠡᠯᠲᠡ ᠶᠢᠨ ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ ᠪᠠᠷ | ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠭᠠᠵᠤ᠂ ᠭᠠᠭ᠋ᠠᠶ ᠶᠢᠨ ᠮᠢᠬ᠎ᠠ᠂ ᠦᠬᠡᠷ ᠬᠤᠨᠢᠨ ᠮᠢᠬ᠎ᠠ᠂ ᠵᠢᠭᠦᠷᠲᠡᠨ ᠤ ᠮᠢᠬ᠎ᠠ | ᠂ ᠬᠥᠯᠳᠡᠭᠡᠭᠰᠡᠨ ᠮᠢᠬ᠎ᠠ ᠵᠢᠴᠢ ᠬᠤᠯᠪᠣᠭᠳᠠᠯ ᠪᠥᠬᠦᠶ ᠮᠢᠬᠠᠨ ᠤ ᠪᠦᠲᠦᠭᠡᠭᠳᠡᠬᠦᠨ ᠵᠡᠷᠭᠡ ᠪᠠᠷ ᠭᠤᠤᠯᠳᠠᠯᠭ᠎ᠠ ᠲᠠᠢ | ᠲᠥᠷᠥᠯ ᠵᠦᠢᠯ ᠢ ᠪᠠᠶᠢᠴᠠᠭᠠᠵᠤ᠂ ᠮᠢᠬᠠᠨ ᠤ ᠵᠦᠢᠯ ᠵᠢᠴᠢ ᠲᠡᠭᠦᠨ ᠤ ᠢᠳᠡᠭᠡᠨ ᠤ ᠡᠵᠡᠩᠨᠡᠯᠲᠡ ᠶᠢᠨ ᠳᠡᠯᠭᠡᠭᠦᠷ ᠤᠨ | ᠪᠣᠷᠣᠯᠠᠭᠤᠯᠤᠭᠰᠠᠨ ᠮᠢᠬᠠᠨ ᠤ ᠵᠦᠢᠯ ᠤᠨ ᠶᠠᠰᠤ ᠴᠢᠨᠠᠷ ᠢ ᠰᠢᠯᠭᠠᠨ ᠪᠠᠶᠢᠴᠠᠭᠠᠭᠰᠠᠨ ᠭᠡᠷᠡᠴᠢ ᠬᠠᠩᠭᠠᠭᠰᠠᠨ ᠡᠰᠡᠬᠦ᠂ | ᠲᠦᠭᠦᠬᠡᠶ ᠰᠢᠨ᠎ᠡ ᠰᠣᠷᠭᠤᠭ ᠮᠢᠬᠠᠨ ᠤ ᠵᠦᠢᠯ ᠢ ᠡᠵᠡᠩᠨᠡᠬᠦ ᠶᠢ ᠳᠡᠩᠰᠡᠯᠡᠬᠤ᠂ ᠠᠵᠢᠯ ᠡᠷᠭᠢᠯᠡᠭᠰᠡᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ᠂ ᠭᠠᠭ᠋ᠠᠶ ᠶᠢᠨ ᠮᠢᠬ᠎ᠠ ᠪᠣᠷᠣᠯᠠᠭᠤᠯᠬᠤ ︽ᠬᠤᠶᠠᠷ ᠦᠨᠡᠮᠯᠡᠯ ᠬᠤᠶᠠᠷ ᠲᠠᠮᠠᠭ᠎ᠠ︾ ᠵᠡᠷᠭᠡ | ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠮᠢᠬᠠᠨ ᠤ ᠵᠦᠢᠯ ᠤᠨ ᠪᠣᠷᠣᠯᠠᠭᠤᠯᠭ᠎ᠠ ᠶᠢ ᠪᠠᠷᠠᠭᠠᠨ ᠤ ᠪᠢᠯᠧᠲ | ᠨᠢᠭᠡᠳᠦᠯᠲᠡᠶ᠂ ᠢᠷᠡᠯᠲᠡ ᠨᠢᠭᠡᠲᠡᠶ ᠪᠠᠶᠢᠬᠤ ᠡᠰᠡᠬᠦ᠂ ᠪᠠᠷᠠᠭᠠᠨ ᠤ ᠲᠡᠮᠳᠡᠭ ᠨᠢ ᠪᠦᠷᠢᠨ ᠪᠤᠰᠤ᠂ ᠪᠠᠷᠠᠭᠠᠨ ᠤ | ᠲᠡᠮᠳᠡᠭ ᠨᠢ ᠲᠣᠳᠣᠷᠬᠠᠶ ᠥᠬᠡᠶ᠂ ᠢᠷᠡᠯᠲᠡ ᠨᠢ ᠲᠣᠳᠣᠷᠬᠠᠶ ᠥᠬᠡᠶ ᠮᠢᠬᠠᠨ ᠤ ᠵᠦᠢᠯ ᠢ ᠵᠠᠬ᠎ᠠ ᠳᠡᠯᠭᠡᠭᠦᠷ ᠲᠤ | ᠭᠠᠷᠭᠠᠵᠤ ᠪᠣᠷᠣᠯᠠᠭᠤᠯᠬᠤ ᠶᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠶᠢ ᠴᠢᠩᠭ᠎ᠠ ᠱᠠᠭᠠᠷᠳᠠᠪᠠ᠃ | ᠪᠠᠶᠢᠴᠠᠭᠠᠬᠤ ᠶᠠᠪᠤᠴᠠ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ | ᠵᠡᠷᠭᠡᠪᠡᠷ ᠥᠷᠨᠢᠭᠦᠯᠵᠦ᠂ ︽ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠤᠳᠠᠯ ᠬᠠᠭᠤᠷᠮᠠᠭ ᠴᠢᠨᠠᠷ ᠮᠠᠭᠤ ᠮᠢᠬᠠᠨ ᠤ ᠲᠥᠷᠥᠯ ᠤᠨ ᠦᠢᠯᠡᠳᠬᠦᠨ ᠢ ᠦᠢᠯᠡᠳᠴᠦ | ᠪᠣᠷᠣᠯᠠᠭᠤᠯᠬᠤ ᠲᠤᠰᠬᠠᠶ ᠠᠵᠢᠯᠯᠠᠭ᠎ᠠ ᠥᠷᠨᠢᠭᠦᠯᠬᠦ ᠲᠤᠬᠠᠶ ᠵᠠᠷᠯᠠᠯ︾᠂ ︽ᠮᠢᠬᠠᠨ ᠤ ᠲᠥᠷᠥᠯ ᠤᠨ ᠦᠢᠯᠡᠳᠬᠦᠨ ᠢ | ᠡᠵᠡᠩᠨᠡᠵᠦ ᠬᠡᠷᠡᠭᠯᠡᠬᠦ ᠶᠢ ᠴᠢᠩᠭ᠎ᠠ ᠵᠢᠷᠤᠮᠵᠢᠭᠤᠯᠬᠤ ᠲᠤᠬᠠᠶ ᠰᠠᠨᠠᠭᠤᠯᠬᠤ ᠪᠢᠴᠢᠭ︾ ᠢ ᠨᠠᠭᠠᠵᠤ᠂ ᠮᠢᠬ᠎ᠠ ᠵᠢᠴᠢ | ᠮᠢᠬᠠᠨ ᠤ ᠪᠦᠲᠦᠭᠡᠭᠳᠡᠬᠦᠨ ᠢ ᠡᠵᠡᠩᠨᠡᠬᠦ ᠪᠠ ᠬᠡᠷᠡᠭᠯᠡᠬᠦ ᠨᠢᠭᠡᠴᠡ ᠲᠠᠢ ᠠᠮᠠᠯᠠᠯᠲᠠ ᠶᠢᠨ ᠪᠢᠴᠢᠭ ᠲᠣᠭᠲᠠᠪᠠ᠃ ᠡᠭᠦᠨ ᠤ | ᠬᠠᠮᠲᠤ᠂ ᠬᠡᠷᠡᠭᠯᠡᠭᠴᠢᠳ ᠲᠤ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠢᠳᠡᠪᠬᠢᠲᠡᠶ | ᠤᠬᠠᠭᠤᠯᠵᠤ᠂ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠯᠲᠠ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠤᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ | ᠠᠰᠢᠭ ᠢᠶᠠᠨ ᠪᠦᠲᠦᠮᠵᠢᠲᠡᠶ ᠬᠠᠮᠠᠭᠠᠯᠠᠬᠤ ᠬᠡᠷᠡᠭᠲᠡᠶ᠃ | ᠣᠳᠣᠬᠠᠨ ᠪᠣᠯᠲᠠᠯ᠎ᠠ᠂ 1 ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ 2 ᠬᠡᠲᠦ ᠳᠡᠯᠭᠡᠭᠦᠷ᠂ 21 ᠮᠢᠬᠠᠨ ᠤ | ᠲᠥᠷᠥᠯ ᠢ ᠪᠠᠶᠢᠴᠠᠭᠠᠵᠤ᠂ ᠰᠤᠷᠭᠠᠭᠤᠯᠢ ᠵᠢᠴᠢ 4 ᠬᠡᠦᠬᠡᠳ ᠤᠨ ᠴᠡᠴᠡᠷᠯᠢᠭ ᠢ ᠪᠠᠶᠢᠴᠠᠭᠠᠪᠠ᠃ ᠳᠠᠷᠠᠭᠠᠴᠢ ᠶᠢᠨ | ᠠᠯᠬᠤᠮ ᠳᠤ᠂ ᠶᠢᠨ ᠴᠠᠩ ᠭᠸᠤ ᠯᠢᠶᠠᠩ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠭᠠᠵᠠᠷ ᠤᠨ ᠬᠢᠨ ᠮᠢᠬᠠᠨ ᠤ ᠲᠦᠷᠦᠯ ᠤᠨ ᠵᠠᠬ᠎ᠠ ᠳᠡᠯᠭᠡᠭᠦᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ | ᠲᠡᠭᠦᠯᠳᠡᠷᠵᠢᠭᠦᠯᠵᠦ᠂ ᠳᠤᠷ᠎ᠠ ᠪᠠᠷ ᠢᠶᠠᠨ ᠠᠯᠠᠵᠤ ᠨᠢᠲᠤᠯᠬᠤ ᠵᠢᠴᠢ ᠬᠤᠳᠠᠯ ᠬᠠᠭᠤᠷᠮᠠᠭ ᠴᠢᠨᠠᠷ ᠮᠠᠭᠤ ᠮᠢᠬᠠᠨ ᠤ | ᠪᠦᠲᠦᠭᠡᠭᠳᠡᠬᠦᠨ ᠵᠡᠷᠭᠡ ᠬᠠᠤᠯᠢ ᠪᠤᠰᠤ ᠮᠢᠬᠠᠨ ᠤ ᠲᠦᠷᠦᠯ ᠤᠨ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ | ᠴᠢᠩᠭ᠎ᠠ ᠰᠡᠷᠭᠡᠶᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠥᠷᠭᠡᠨ ᠤᠯᠠᠨ ᠠᠷᠠᠳ ᠲᠦᠮᠡᠨ ᠳᠤ ᠰᠠᠨᠠᠭ᠎ᠠ ᠠᠮᠤᠷ ᠮᠢᠬᠠᠨ ᠤ ᠲᠦᠷᠦᠯ ᠤᠨ ᠢᠳᠡᠭᠡᠨ ᠤ | ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠪᠣᠯᠤᠨ᠎ᠠ᠃ |