ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ 4 ᠰᠠᠷ᠎ᠠ ᠶᠢᠨ 24 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠧᠨᠢᠶᠠ ᠶᠢᠨ | ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠬᠠᠷᠢᠯᠴᠠᠭᠠᠨ ᠤ | ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ | ᠪᠤᠯᠭᠠᠵᠤ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ᠃ | | 4 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠷᠦᠲ᠋ᠤ᠋ ᠪᠣᠯᠣᠨ ᠲᠡᠭᠦᠨ ᠤ ᠬᠠᠳᠤᠨ ᠯᠸᠶᠢᠴᠢᠶᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 62 ᠵᠢᠯ ᠤᠨ ᠲᠤᠷᠰᠢ᠂ ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ | ᠢᠮᠠᠭᠲᠠ ᠬᠠᠷᠢᠯᠴᠠᠨ ᠭᠦᠨᠳᠦᠳᠭᠡᠵᠦ᠂ ᠬᠠᠷᠢᠯᠴᠠᠨ ᠳᠡᠮᠵᠢᠯᠴᠡᠵᠦ᠂ ᠳᠤᠮᠳᠠᠳᠤ ᠠᠹᠷᠢᠺᠠ ᠶᠢᠨ ᠨᠥᠭᠦᠷᠰᠡᠭ | ᠬᠠᠮᠲᠤᠷᠠᠯᠴᠠᠭᠠᠨ ᠤ ᠵᠣᠷᠢᠭ ᠰᠠᠨᠠᠭ᠎ᠠ ᠪᠣᠯᠣᠨ ᠲᠣᠷᠭᠠᠨ ᠵᠠᠮ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠶᠠᠷ ᠤᠯᠤᠰ ᠤᠨ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ | ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠳᠤᠮᠳᠠᠳᠤ ᠺᠧᠨᠢᠶᠠ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ | ᠳᠤᠮᠳᠠᠳᠤ ᠺᠧᠨᠢᠶᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠳᠡᠭᠡᠭᠰᠢᠯᠡᠭᠦᠯᠭᠦ ᠪᠣᠯ ᠬᠤᠶᠠᠷ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠳᠤᠮᠳᠠᠳᠤ ᠤᠯᠤᠰ ᠳᠤᠷᠠᠲᠠᠶ᠎ᠠ ᠺᠧᠨᠢᠶᠠ ᠶᠢᠨ ᠬᠢᠨ ᠲᠠᠢ ᠬᠠᠮᠲᠤ ᠪᠠᠷ᠂ | ᠲᠡᠦᠬᠡ ᠶᠢᠨ ᠤᠷᠤᠰᠬᠠᠯ ᠪᠣᠯᠣᠨ ᠴᠠᠭ ᠦᠶ᠎ᠡ ᠶᠢᠨ ᠶᠡᠭᠡ ᠬᠠᠨᠳᠤᠰᠢ ᠳᠤ ᠵᠣᠬᠢᠴᠠᠵᠤ᠂ ᠰᠢᠨ᠎ᠡ ᠴᠠᠭ ᠦᠶ᠎ᠡ ᠶᠢᠨ ᠪᠦᠭᠦ | ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠡᠪ ᠳᠠᠭᠤᠷᠢᠶᠠᠯ ᠢ ᠪᠤᠢ ᠪᠤᠯᠭᠠᠵᠤ᠂ | ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠬᠠᠷᠢᠯᠴᠠᠨ ᠬᠦᠨᠳᠦᠳᠬᠡᠬᠦ᠂ ᠡᠷᠬᠡ | ᠲᠡᠭᠰᠢ ᠪᠠᠷ ᠬᠠᠨᠳᠤᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ︽ᠳᠡᠯᠡᠬᠡᠢ ᠳᠡᠭᠡᠷ᠎ᠡ ᠬᠦᠴᠢᠷ ᠪᠡᠷᠬᠡᠰᠢᠶᠡᠯ ᠢ | ᠬᠠᠮᠲᠤ ᠪᠠᠷ ᠲᠤᠭᠤᠯᠵᠤ ᠶᠠᠪᠤᠬᠤ︾ ᠶᠡᠭᠡ ᠵᠠᠮ ᠪᠣᠯᠣᠨ᠎ᠠ᠃ ᠳᠤᠮᠳᠠᠳᠤ ᠺᠧᠨᠢᠶᠠ ᠬᠤᠶᠠᠷ ᠲᠠᠯ᠎ᠠ ᠪᠠᠷ ᠢᠶᠠᠨ ᠲᠣᠰ | ᠲᠣᠰ ᠤᠨ ᠢᠶᠠᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠶᠢ ᠦᠷᠭᠦᠯᠵᠢᠯᠡᠨ | ᠡᠷᠡᠰ ᠳᠡᠮᠵᠢᠵᠤ᠂ ᠲᠣᠰ ᠲᠣᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠬᠠᠶᠢᠨ | ᠰᠦᠪᠡᠭᠴᠢᠯᠡᠬᠦ ᠶᠢ ᠡᠷᠡᠰ ᠳᠡᠮᠵᠢᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠣᠳᠣᠬᠢᠴᠢᠯᠠᠯᠲᠠ ᠶᠢᠨ ᠵᠠᠮ ᠳᠡᠭᠡᠷᠡᠬᠢ ᠬᠠᠮᠲᠤ ᠠᠶᠠᠯᠠᠭᠴᠢ ᠪᠠ ᠵᠢᠩᠬᠢᠨᠢ ᠨᠠᠶᠢᠵᠠ ᠪᠣᠯᠣᠶ᠎ᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯ ᠬᠤᠶᠠᠷ ᠤᠯᠤᠰ ᠤᠨ ᠬᠠᠮᠲᠤᠷᠠᠯᠴᠠᠭᠠᠨ ᠤ ᠭᠢᠯᠠᠯᠵᠠᠭᠰᠠᠨ | ᠬᠠᠭᠤᠳᠠᠰᠤ ᠪᠣᠯᠣᠨ᠎ᠠ᠂ ᠪᠠᠶᠢᠩᠭᠤᠵᠢᠭᠰᠠᠨ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠥᠨᠳᠥᠷ | ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠠᠷᠠᠯᠵᠢᠶᠠᠨ ᠤ ᠦᠷᠭᠦᠯᠵᠢᠯᠡᠬᠦ ᠴᠢᠨᠠᠷᠲᠠᠢ ᠰᠠᠭᠠᠳ ᠦᠭᠡᠢ | ᠨᠡᠪᠲᠡᠷᠡᠬᠦ ᠶᠢ ᠠᠬᠢᠭᠤᠯᠵᠤ᠂ ᠤᠯᠠᠨ ᠡᠰᠢᠵᠢᠭᠰᠡᠨ ᠪᠡᠯᠡ ᠮᠥᠩᠭᠦᠨ ᠤ ᠭᠦᠢᠯᠭᠡᠭᠡ ᠶᠢ ᠰᠦᠪᠡᠭᠴᠢᠯᠡᠵᠦ᠂ ᠦᠶ᠎ᠡ ᠦᠶ᠎ᠡ ᠶᠢᠨ | ᠨᠥᠬᠦᠷᠯᠡᠯ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠦᠷᠭᠦᠯᠵᠢᠯᠡᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠳᠠᠭᠠᠭᠤᠯᠤᠭᠴᠢ ᠪᠣᠯᠣᠶ᠎ᠠ᠃ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠨᠢ ᠺᠧᠨᠢᠶᠠ ᠶᠢᠨ ᠴᠢᠨᠠᠷ ᠰᠠᠶᠢᠲᠠᠢ ᠦᠢᠯᠡᠳᠬᠦᠨ ᠳᠤ ᠢᠮᠠᠭᠲᠠ ᠡᠭᠦᠳᠡ ᠪᠠᠨ ᠨᠡᠭᠡᠭᠡᠵᠦ᠂ ᠳᠤᠮᠳᠠᠳᠤ ᠤᠯᠤᠰ ᠨᠡᠩ | ᠤᠯᠠᠨ ᠪᠣᠳᠠᠲᠤ ᠬᠦᠴᠦᠨ ᠪᠦᠬᠦᠢ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠧᠨᠢᠶᠠ ᠳᠤ ᠬᠦᠷᠴᠦ ᠪᠡᠯᠡ ᠣᠷᠣᠭᠤᠯᠤᠨ | ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠴᠢᠬᠤᠯᠠ | ᠪᠦᠷᠢᠯᠳᠦᠭᠦᠨ ᠪᠣᠯᠤᠭᠰᠠᠨ ᠤ ᠬᠤᠪᠢ ᠳᠤ᠂ ᠳᠤᠮᠳᠠᠳᠤ ᠺᠧᠨᠢᠶᠠ ᠬᠤᠶᠠᠷ ᠤᠯᠤᠰ ᠪᠣᠳᠠᠲᠤ ᠠᠵᠢᠯᠯᠠᠭ᠎ᠠ ᠪᠠᠷ ᠢᠶᠠᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠵᠤ᠂ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠦᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ | ᠲᠡᠶᠢᠰᠢ ᠤᠷᠤᠭᠰᠢᠯᠠᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠤᠨ ᠦᠨᠡᠨ ᠪᠣᠳᠠᠲᠠᠢ | ᠳᠣᠲᠣᠨᠣ ᠦᠨᠡᠨᠴᠢ ᠪᠠᠷ ᠠᠹᠷᠢᠺᠠ ᠲᠢᠪ ᠲᠤ ᠬᠠᠨᠳᠤᠬᠤ ᠲᠦᠷᠦ ᠶᠢᠨ ᠪᠣᠳᠣᠯᠭ᠎ᠠ ᠶᠢᠨ ᠣᠶᠢᠯᠠᠭᠠᠭᠳᠠᠬᠤᠨ ᠬᠤᠪᠢᠷᠠᠬᠤ ᠦᠭᠡᠢ᠂ | ᠳᠤᠮᠳᠠᠳᠤ ᠠᠹᠷᠢᠺᠠ ᠶᠢᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠭ | ᠰᠠᠨᠠᠭ᠎ᠠ ᠬᠤᠪᠢᠷᠠᠬᠤ ᠦᠭᠡᠢ᠂ ᠳᠤᠮᠳᠠᠳᠤ ᠠᠹᠷᠢᠺᠠ ᠶᠢᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ | ᠬᠥᠭᠵᠢᠬᠦ ᠦᠨᠳᠦᠰᠦᠨ ᠵᠣᠷᠢᠯᠲᠠ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠬᠡᠯᠡᠪᠡᠯ ᠢᠲᠡᠭᠡᠮᠵᠢᠲᠡᠢ᠂ ᠬᠢᠪᠡᠯ | ᠪᠦᠲᠦᠮᠵᠢᠲᠡᠢ ᠪᠠᠶᠢᠵᠤ᠂ ᠳᠤᠷᠠᠲᠠᠶ᠎ᠠ ᠺᠧᠨᠢᠶᠠ ᠶᠢ ᠪᠠᠭᠲᠠᠭᠠᠭᠰᠠᠨ ᠠᠹᠷᠢᠺᠠ ᠲᠢᠪ ᠤᠨ ᠤᠯᠤᠰ ᠤᠳ ᠲᠠᠢ ᠬᠠᠮᠲᠤ ᠪᠠᠷ᠂ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ | ᠦᠷ᠎ᠡ ᠪᠦᠲᠦᠭᠡᠯ ᠤᠨ ᠨᠡᠩ ᠤᠯᠠᠨ ᠡᠬᠢᠨ ᠤ ᠬᠤᠭᠤᠴᠠᠭᠠᠨ ᠤ ᠠᠮᠵᠢᠯᠲᠠ ᠣᠯᠬᠤ ᠶᠢ ᠠᠬᠢᠭᠤᠯᠵᠤ᠂ ᠠᠹᠷᠢᠺᠠ ᠲᠢᠪ ᠤᠨ | ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠵᠦ᠂ ᠳᠤᠮᠳᠠᠳᠤ ᠠᠹᠷᠢᠺᠠ ᠶᠢᠨ ᠬᠠᠮᠲᠤᠷᠠᠨ ᠬᠦᠴᠦᠷᠬᠡᠭᠵᠢᠬᠦ᠂ ᠪᠦᠯᠬᠦᠮᠳᠡᠨ | ᠬᠠᠮᠵᠢᠯᠴᠠᠬᠤ ᠴᠠᠭ ᠦᠶ᠎ᠡ ᠶᠢᠨ ᠬᠦᠴᠦᠷᠬᠡᠭ ᠲᠠᠭᠤᠨ ᠢ ᠦᠷᠭᠦᠯᠵᠢᠯᠡᠨ ᠴᠤᠤᠷᠢᠶᠠᠲᠤᠭᠤᠯᠵᠤ᠂ ᠴᠢᠨᠠᠷ ᠰᠠᠶᠢᠲᠠᠢ ᠳᠤᠮᠳᠠᠳᠤ | ᠠᠹᠷᠢᠺᠠ ᠶᠢᠨ ᠬᠠᠮᠲᠤᠷᠠᠯᠴᠠᠭ᠎ᠠ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭ᠎ᠠ ᠶᠢ | ᠬᠥᠲᠥᠯᠥᠨ ᠳᠠᠭᠠᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠳᠠᠭ ᠦᠭᠡᠢ᠃ | ᠳᠤᠮᠳᠠᠳᠤ ᠤᠯᠤᠰ ᠬᠡᠷᠡᠭ ᠲᠠᠲᠠᠬᠤ ᠦᠭᠡᠢ ᠪᠥᠭᠡᠳ ᠬᠡᠷᠡᠭ ᠠᠴᠠ ᠠᠶᠤᠬᠤ ᠦᠭᠡᠢ᠂ ᠳᠤᠷᠠᠲᠠᠶ᠎ᠠ ᠳᠡᠯᠡᠬᠡᠢ ᠶᠢᠨ ᠡᠯ᠎ᠡ | ᠤᠯᠤᠰ ᠯᠤᠭ᠎ᠠ ᠬᠠᠮᠲᠤ ᠪᠠᠷ ᠪᠦᠯᠬᠦᠮᠳᠡᠨ ᠬᠠᠮᠲᠤᠷᠠᠯᠴᠠᠬᠤ ᠪᠠᠷ ᠲᠠᠮᠵᠢᠨ ᠡᠯ᠎ᠡ ᠵᠦᠢᠯ ᠤᠨ ᠥᠷᠢᠰᠦᠯᠳᠦᠭᠡᠨ ᠢ ᠠᠷᠭᠠᠴᠠᠭᠠᠵᠤ᠂ | ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ | ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠷᠦᠲ᠋ᠤ᠋᠂ ᠺᠧᠨᠢᠶᠠ ᠳᠤᠮᠳᠠᠳᠤ ᠴᠢᠩ ᠦᠨᠡᠨᠴᠢ ᠪᠠᠷ ᠬᠠᠨᠳᠤᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠢᠮᠠᠭᠲᠠ ᠪᠠᠷᠢᠮᠲᠠᠯᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠬᠠᠮᠲᠤ ᠶᠢᠨ ᠬᠦᠰᠡᠯ ᠡᠷᠡᠮᠡᠯᠵᠡᠯ ᠲᠠᠢ ᠪᠠᠶᠢᠵᠤ᠂ | ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠭᠰᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠪᠣᠯᠣᠨ᠎ᠠ᠃ ᠺᠧᠨᠢᠶᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ | ᠬᠡᠰᠡᠭ ᠪᠤᠯᠬᠤ ᠶᠢ ᠪᠠᠷᠢᠮᠲᠠᠯᠠᠨ᠎ᠠ᠃ ᠺᠧᠨᠢᠶᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ | ᠲᠦᠮᠡᠨ ᠤ ᠺᠧᠨᠢᠶᠠ ᠶᠢᠨ ᠰᠠᠭᠤᠷᠢ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠭᠦ᠂ ᠪᠠᠶᠢᠭᠠᠯᠢ ᠶᠢᠨ ᠭᠠᠮᠰᠢᠭ ᠢ | ᠠᠷᠭᠠᠴᠠᠭᠠᠬᠤ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠮᠤᠮᠪᠠᠰᠠ ᠠᠴᠠ ᠨᠠᠶᠢᠷᠤᠪᠢ | ᠬᠦᠷᠬᠦ ᠲᠡᠮᠦᠷ ᠵᠠᠮ ᠵᠡᠷᠭᠡ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠺᠧᠨᠢᠶᠠ ᠶᠢᠨ ᠤᠯᠤᠰ ᠤᠨ ᠬᠥᠭᠵᠢᠯᠲᠡ ᠶᠢ | ᠬᠦᠴᠦᠲᠡᠢ ᠠᠬᠢᠭᠤᠯᠪᠠ᠃ ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠪᠦᠭᠦ | ᠲᠠᠯ᠎ᠠ ᠪᠠᠷ ᠵᠣᠯᠭᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ | ᠬᠥᠮᠦᠵᠢᠯ᠂ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠲᠤᠰ ᠲᠤᠰ ᠤᠨ ᠣᠳᠣᠬᠢᠴᠢᠯᠠᠯᠲᠠ ᠶᠢᠨ | ᠠᠬᠢᠴᠠ ᠪᠠᠨ ᠠᠬᠢᠭᠤᠯᠵᠤ᠂ ᠬᠤᠶᠠᠷ ᠤᠯᠤᠰ ᠤᠨ ᠢᠷᠡᠭᠡᠳᠦᠢ ᠶᠢ ᠨᠡᠩ ᠨᠢᠭᠲᠠ ᠬᠤᠯᠪᠣᠨ᠎ᠠ᠃ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠨᠢ ᠠᠹᠷᠢᠺᠠ ᠲᠢᠪ ᠤᠨ ᠡᠩᠬᠡ ᠲᠠᠶᠢᠪᠤᠩ ᠬᠥᠭᠵᠢᠯᠲᠡ ᠳᠤ ᠠᠰᠢᠭᠲᠠᠢ ᠶᠤᠮ᠂ ᠺᠧᠨᠢᠶᠠ ᠶᠢᠨ ᠬᠢᠨ | ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ | ᠰᠠᠶᠢᠲᠤᠷ ᠨᠠᠶᠢᠳᠠᠪᠤᠷᠢᠵᠢᠭᠤᠯᠤᠨ᠎ᠠ᠃ ᠠᠷᠠᠯᠵᠢᠶᠠᠨ ᠤ ᠳᠠᠶᠢᠨ ᠨᠢ ᠣᠳᠣ ᠶᠢᠨ ᠪᠠᠶᠢᠭ᠎ᠠ ᠣᠯᠠᠨ ᠤᠯᠤᠰ ᠤᠨ ᠳᠦᠷᠢᠮ ᠪᠠ | ᠡᠮᠬᠢ ᠳᠢᠭᠯᠢᠮ ᠢ ᠡᠪᠳᠡᠵᠦ ᠪᠤᠢ᠃ ᠺᠧᠨᠢᠶᠠ ᠶᠢᠨ ᠬᠢᠨ ᠳᠤᠮᠳᠠᠳᠤ ᠤᠯᠤᠰ ᠤᠨ ᠣᠳᠣᠬᠠᠨ ᠤ ᠣᠷᠤᠭ᠎ᠠ ᠪᠤᠰᠬᠠᠭ᠎ᠠ | ᠪᠠᠶᠢᠳᠠᠯ ᠳᠤ ᠲᠣᠭᠲᠠᠪᠤᠷᠢᠵᠢᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ | ᠺᠧᠨᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠦᠵᠡᠯ ᠢ ᠬᠠᠮᠲᠤ ᠪᠠᠷ ᠪᠠᠷᠢᠮᠲᠠᠯᠠᠨ | ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ᠂ ᠳᠡᠭᠡᠳᠦ ᠰᠢᠨ᠎ᠡ ᠲᠸᠭᠨᠢᠭ ᠮᠡᠷᠭᠡᠵᠢᠯ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠢ | ᠠᠷᠠᠯᠵᠢᠶ᠎ᠠ᠂ ᠰᠣᠨᠢᠨ ᠮᠡᠳᠡᠭᠡ ᠵᠠᠭᠤᠴᠢᠯᠠᠭᠤᠷ ᠵᠡᠷᠭᠡ ᠬᠦᠷᠢᠶᠡᠨ ᠳᠠᠬᠢ 20 ᠵᠦᠢᠯ ᠤᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠺᠧᠨᠢᠶᠠ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠦᠯᠢᠭᠡᠷ ᠳᠠᠭᠤᠷᠢᠶᠠᠯ ᠪᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ | ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠷᠦᠲ᠋ᠤ᠋ ᠪᠣᠯᠣᠨ ᠲᠡᠭᠦᠨ ᠤ ᠬᠠᠳᠤᠨ | ᠯᠸᠶᠢᠴᠢᠶᠧᠷ ᠢ ᠤᠭᠲᠤᠬᠤ ᠶᠣᠰᠣᠯᠠᠯ ᠶᠠᠪᠤᠭᠤᠯᠪᠠ᠃ | ᠷᠦᠲ᠋ᠤ᠋ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠰᠢ | ᠶᠢᠨ ᠫᠢᠩ ᠷᠦᠲ᠋ᠤ᠋ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ | ᠺᠧᠨᠢᠶᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠠᠭᠤᠳᠠᠮ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ᠃ ᠷᠦᠲ᠋ᠤ᠋ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠷᠦᠲ᠋ᠤ᠋ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | | | | | | | | | | | | | | | | | | | | | | | | | | | | | | | |