ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ | ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ | ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ | ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂ | ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ | ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ | ᠠᠷᠭᠠᠴᠠᠭᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ | ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠬᠦ | ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠯᠤᠰ ᠤᠨ | ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ | ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ | ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ | ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃ | ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ᠂ | ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ | ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ | ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ | ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ | ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾ | ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ | ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ | ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ | ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ | ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ | ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽ | ᠵᠣᠬᠢᠶᠠᠮᠠᠯ ᠤᠶᠤᠨ +︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | | | | | | | | | | | | | | | | | | | | | | |