ᠰ᠊ᠵᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ ᠬᠤᠶᠢᠨ᠎ᠠ | ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠤᠷᠢᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠵᠣᠬᠢᠶᠠᠮᠠᠯ ᠣᠶᠤᠨ | ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠬᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ | ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ | ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠮᠡᠷᠭᠡᠵᠢᠯ | ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ | ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ | ᠴᠢᠩᠭᠠᠳᠬᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ | ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ | ᠵᠥᠷᠢᠶ᠎ᠡ ᠳᠤ ᠵᠥᠪ ᠢᠶᠠᠷ ᠬᠠᠨᠳᠤᠵᠤ᠂ ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ | ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ | ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ | ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠳᠡᠭᠡᠳᠦ | ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠪᠡᠶ᠎ᠡ ᠪᠠᠨ | ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠶᠢᠨ ᠰᠠᠭᠤᠷᠢ ᠵᠥᠭᠡᠯᠡᠨ ᠬᠠᠲᠠᠭᠤ | ᠲᠣᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ ᠤᠬᠠᠭᠠᠨ ᠤ | ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ | ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ ᠵᠣᠬᠢᠶᠠᠮᠠᠯ | ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ ᠦᠢᠯᠡᠰ ᠤᠨ | ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠨ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ | ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠵᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ | ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ ᠬᠦᠴᠦᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ ᠴᠢᠳᠠᠪᠤᠷᠢ ᠶᠢ | ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ ᠥᠮᠴᠢᠯᠡᠯ ᠤᠨ ᠡᠷᠬᠡ᠂ ᠡᠳ᠋ ᠤᠨ ᠵᠠᠰᠠᠭ | ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ ᠲᠥᠬᠦᠭᠡᠷᠦᠮᠵᠢ ᠶᠢ ᠴᠢᠯᠦᠭᠡᠲᠡᠢ ᠪᠣᠯᠭᠠᠬᠤ ᠵᠡᠷᠭᠡ | ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ | ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠪᠦᠬᠦ ᠰᠤᠷᠤᠯᠭ᠎ᠠ ᠶᠢᠨ | ᠱᠠᠲᠤᠨ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠵᠢᠭᠠᠨ ᠰᠤᠷᠭᠠᠯᠲᠠ ᠶᠢ | ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ | ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ | ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ | ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ | ᠲᠣᠬᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ | ᠠᠪᠴᠢᠷᠠᠭᠰᠠᠨ ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ | ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠᠶᠢᠭᠤᠯᠤᠯ᠂ | ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠮᠡᠷᠭᠡᠵᠢᠯ ᠤᠨ | ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ | ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ ᠡᠵᠡᠮᠳᠡᠵᠦ ᠳᠡᠶᠢᠯᠬᠦ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠯᠠᠨ ᠤᠯᠤᠰ ᠤᠨ | ᠣᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠣᠯᠠᠨ ᠤᠯᠤᠰ ᠤᠨ | ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ | ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠣᠶᠤᠨᠲᠤ | ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ | ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠰᠠᠯᠲᠠ ᠶᠢᠨ ᠳᠦᠷᠢᠮ᠂ ᠮᠡᠷᠭᠡᠵᠢᠯ ᠤᠨ | ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠦᠬᠦ | ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | | | | | | | | | | | | | | | | | | | | | | | | | |