ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠵᠡᠷᠭᠡ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/29
  ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭᠠᠨ ᠥᠷᠨᠢᠭᠦᠯᠬᠦ ᠶᠢ ᠪᠠᠶᠢᠷᠢᠯᠠᠭᠤᠯᠤᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ ᠶᠠᠷᠢᠯᠴᠠᠵᠤ᠂ ᠵᠧᠵᠢᠶᠠᠩ ᠤᠨ ᠰᠠᠨ ᠮᠧᠨ ᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠵᠥᠪᠰᠢᠶᠡᠷᠡᠬᠦ ᠪᠠᠷ ᠲᠣᠭᠲᠠᠪᠠ᠃  ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠣᠶᠢᠷ᠎ᠠ ᠶᠢᠨ ᠵᠢᠯ ᠤᠳ ᠤᠨ ᠲᠤᠷᠰᠢ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠦᠭᠰᠡᠨ ᠢᠶᠠᠷ ᠮᠠᠨ ᠤ ᠤᠯᠤᠰ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠬᠢᠷᠲᠤᠯ ᠢ ᠣᠨᠣᠪᠴᠢᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠯᠡᠵᠦ᠂ ᠴᠢᠬᠤᠯᠠ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ ᠤᠨ ᠨᠡᠪᠲᠡᠷᠡᠯᠴᠡᠭᠰᠡᠨ ᠪᠦᠬᠦᠯᠢ ᠴᠣᠭᠴᠠᠲᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠥᠷᠭᠡᠨ ᠶᠡᠭᠡ ᠭᠤᠣᠯ ᠮᠥᠷᠡᠨ᠂ ᠴᠢᠬᠤᠯᠠ ᠪᠣᠯᠬᠤ ᠨᠠᠭᠤᠷ ᠴᠥᠭᠦᠷᠥᠮ ᠢᠶᠠᠷ ᠭᠤᠣᠯᠳᠠᠯᠭ᠎ᠠ ᠪᠣᠯᠭᠠᠨ᠂ ᠬᠢᠨᠠᠨ ᠰᠢᠨᠵᠢᠬᠦ ᠪᠠ ᠡᠬᠢ ᠡᠭᠦᠰᠦᠯ ᠢ ᠨᠢ ᠡᠷᠢᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠪᠣᠬᠢᠷ ᠤᠰᠤ᠂ ᠠᠮᠢᠳᠤᠷᠠᠯ ᠤᠨ ᠪᠣᠬᠢᠷ ᠤᠰᠤ᠂ ᠲᠠᠷᠢᠶᠠᠯᠠᠩ ᠤᠨ ᠲᠠᠷᠬᠠᠮᠠᠯ ᠡᠬᠢᠲᠦ ᠪᠣᠬᠢᠷᠲᠤᠯ ᠵᠡᠷᠭᠡ ᠪᠠᠷᠢᠮᠵᠢᠶ᠎ᠠ ᠠᠴᠠ ᠬᠡᠲᠦᠷᠡᠭᠦᠯᠦᠭᠰᠡᠨ ᠭᠠᠳᠠᠭᠰᠢᠯᠠᠭᠤᠯᠤᠯᠲᠠ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ ᠪᠥᠭᠯᠡᠬᠦ ᠶᠢ ᠨᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠵᠤ ᠭᠠᠳᠠᠭᠰᠢᠯᠠᠭᠤᠯᠤᠯᠲᠠ ᠪᠠᠭᠠᠰᠬᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ ᠂ ᠣᠷᠣᠨ ᠨᠤᠲᠤᠭ ᠤᠨ ᠬᠢᠨ ᠤ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠶᠢ  ᠨᠢ ᠳᠡᠮᠵᠢᠵᠦ᠂ ᠪᠦᠬᠦ ᠠᠷᠠᠳ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠲᠤ ᠪᠠᠷ ᠪᠠᠶᠢᠭᠤᠯᠵᠤ ᠬᠠᠮᠲᠤ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢ ᠴᠢᠩᠭᠠᠳᠬᠠᠬᠤ ᠨᠢ ᠬᠡᠦᠬᠡᠳ ᠤᠨ ᠲᠤᠰ ᠪᠡᠶ᠎ᠡ ᠶᠢᠨ ᠠᠰᠢᠭ ᠲᠤᠰᠠ᠂ ᠭᠡᠷ ᠪᠦᠯᠢ ᠶᠢᠨ ᠬᠢᠨ ᠤ ᠡᠶ᠎ᠡ ᠵᠣᠬᠢᠴᠠᠯ ᠵᠣᠯ ᠵᠢᠷᠭᠠᠯ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠲᠠᠢ ᠬᠤᠯᠪᠣᠭᠳᠠᠨ᠎ᠠ᠃ ᠬᠡᠦᠬᠡᠳ ᠢ ᠤᠷᠢᠳ ᠢᠶᠠᠷ ᠬᠥᠭᠵᠢᠭᠦᠯᠬᠦ ᠪᠠ ᠬᠡᠦᠬᠡᠳ ᠲᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠢ ᠪᠠᠷᠢᠮᠲᠠᠯᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠡᠪᠦᠷᠯᠡᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠲᠣᠷᠨᠢᠨ ᠪᠣᠶᠢᠵᠢᠬᠤ ᠶᠢ ᠬᠠᠮᠲᠤ ᠪᠠᠷ ᠬᠠᠶᠢᠷᠠᠯᠠᠨ ᠬᠠᠯᠠᠮᠵᠢᠯᠠᠬᠤ ᠬᠡᠷᠡᠭᠲᠡᠢ᠃ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠯᠠᠮᠵᠢᠯᠠᠯ ᠵᠡᠷᠭᠡ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠡᠷᠡᠭᠴᠡᠭᠡ ᠶᠢ ᠦᠨᠳᠦᠰᠦᠯᠡᠨ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠠᠮᠢ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠬᠢᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠴᠢᠨᠠᠷ᠂ ᠪᠠᠷᠠᠯᠠᠯᠲᠤ ᠴᠢᠨᠠᠷ ᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ︵ᠡᠬᠡ ᠲᠥᠰᠥᠯ︶︾ ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠵᠤ᠂ ᠡᠬᠡ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠬᠦ ᠬᠠᠤᠯᠢ ᠲᠣᠭᠲᠠᠭᠠᠯᠲᠠ ᠪᠠᠷ ᠲᠣᠬᠢᠶᠠᠯ ᠪᠣᠯᠭᠠᠵᠤ᠂ ᠮᠠᠨ ᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠠᠷᠠᠳ ᠤᠯᠠᠨ ᠤ ᠡᠪᠡᠳᠴᠢᠯᠡᠪᠡᠯ ᠡᠮᠨᠡᠨ ᠡᠮᠴᠢᠯᠡᠭᠦᠯᠵᠦ ᠪᠠᠶᠢᠬᠤ ᠳᠦᠷᠢᠮ ᠤᠨ ᠰᠠᠭᠤᠷᠢ ᠶᠢ ᠪᠠᠲᠤᠳᠬᠠᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠤᠳᠠᠯ ᠢᠶᠠᠷ ᠣᠨᠣᠰᠢᠯᠠᠨ ᠡᠮᠨᠡᠬᠦ᠂ ᠬᠤᠳᠠᠯ ᠢᠶᠠᠷ ᠡᠮ ᠬᠤᠳᠠᠯᠳᠤᠨ ᠠᠪᠬᠤ ᠵᠡᠷᠭᠡ ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ ᠪᠠ ᠤᠯᠠᠨ ᠲᠦᠮᠡᠨ ᠤ ᠬᠠᠤᠯᠢ ᠶᠢ ᠵᠢᠷᠤᠮᠯᠠᠨ ᠰᠠᠬᠢᠬᠤ ᠤᠬᠠᠮᠰᠠᠷ ᠢ  ᠨᠢ ᠳᠡᠭᠡᠭᠰᠢᠯᠡᠭᠦᠯᠵᠦ᠂ ᠡᠪᠡᠳᠴᠢᠨ ᠦᠵᠡᠭᠦᠯᠬᠦ ᠡᠮᠬᠢ ᠵᠢᠷᠤᠮ ᠪᠠ ᠡᠮᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠴᠥᠮ᠎ᠡ ᠶᠢᠨ ᠴᠠᠬᠢᠯᠭᠠᠨ ᠢ ᠬᠥᠭᠵᠢᠭᠦᠯᠬᠦ ᠳᠤ ᠠᠮᠤᠷ ᠲᠦᠪᠰᠢᠨ ᠢ ᠡᠷᠬᠡᠪᠰᠢ ᠲᠤᠩ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠨᠢᠭᠡᠴᠢ ᠪᠠ ᠥᠮᠴᠢᠲᠡᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠪᠦᠬᠦ ᠪᠥᠮᠪᠥᠷᠴᠡᠭ ᠤᠨ ᠬᠠᠮᠤᠭ ᠤᠨ ᠥᠨᠳᠥᠷ ᠠᠮᠤᠷ ᠲᠦᠪᠰᠢᠨ ᠤ ᠪᠠᠷᠢᠮᠵᠢᠶ᠎ᠠ ᠪᠠᠷ ᠴᠥᠮ᠎ᠡ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠦᠲᠦᠭᠡᠨ ᠪᠠᠶᠢᠭᠤᠯᠬᠤ ᠪᠠ ᠡᠵᠡᠩᠨᠡᠨ ᠠᠵᠢᠯᠯᠠᠭᠤᠯᠵᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠣᠷ ᠢ ᠦᠨᠡᠨ ᠬᠦ ᠪᠠᠲᠤᠳᠬᠠᠬᠤ ᠬᠡᠷᠡᠭᠲᠡᠢ ᠭᠡᠵᠡᠢ᠃  ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号