ᠪᠥᠬᠦ ᠬᠤᠰᠢᠭᠤᠨ ᠤ 2025 ᠣᠨ ᠤ ᠣᠶ ᠰᠢᠭᠤᠶ ᠶᠢᠨ ᠳᠠᠷᠤᠭ᠎ᠠ ᠶᠢᠨ ᠠᠵᠢᠯ ᠵᠢᠴᠢ ᠣᠶ ᠰᠢᠭᠤᠶ  ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/3
C:\Users\Administrator\Desktop\2.jpg    
    4 ᠰᠠᠷ᠎ᠠ ᠶᠢᠨ 1 ᠤ ᠡᠳᠦᠷ᠂ ᠪᠥᠬᠦ ᠬᠤᠰᠢᠭᠤᠨ ᠤ 2025 ᠣᠨ ᠤ ᠣᠶ ᠰᠢᠭᠤᠶ ᠶᠢᠨ ᠳᠠᠷᠤᠭ᠎ᠠ ᠶᠢᠨ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠲᠠᠰ ᠤᠨ ᠤᠳᠤᠷᠢᠳᠤᠯᠭ᠎ᠠ ᠮᠠ ᠯᠢ ᠬᠤᠸᠠ᠂ ᠰᠢᠤᠢ ᠵᠢᠶᠠᠨ ᠾᠦᠢ᠂ ᠵᠢᠶ ᠰᠢᠤᠢ ᠳ᠋ᠦᠩ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂  ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠱᠦᠵᠢ ᠰᠢᠤᠢ ᠵᠢᠶᠠᠨ ᠾᠦᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ  ᠨᠤᠲᠤᠭ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠭᠰᠠᠨ ᠪᠥᠭᠡᠳ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠢ ᠡᠪᠳᠡᠵᠦ ᠲᠥᠪᠯᠡᠷᠡᠭᠦᠯᠦᠨ ᠴᠡᠭᠴᠡᠯᠡᠨ ᠵᠠᠰᠠᠬᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ 2025 ᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠳᠤ ᠨᠠᠷᠢᠨ ᠲᠣᠬᠢᠷᠠᠭᠤᠯᠤᠯᠲᠠ ᠬᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠢ ᠡᠷᠭᠢᠯᠡᠭᠰᠡᠨ ᠪᠥᠭᠡᠳ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠠᠮᠢᠶ᠎ᠠ ᠪᠥᠬᠦᠶ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
C:\Users\Administrator\Desktop\1.jpg
    ᠮᠠ ᠯᠢ ᠬᠤᠸᠠ᠂ ᠬᠠᠪᠤᠷ ᠤᠨ ᠤᠯᠠᠷᠢᠯ ᠤᠨ ᠣᠶᠢᠵᠢᠭᠤᠯᠬᠤ ᠠᠵᠢᠯ ᠢ ᠦᠳᠲᠡᠷ ᠲᠦᠷᠭᠡᠨ ᠡᠬᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠲᠠᠶᠢᠴᠢᠯᠠᠨ ᠣᠷᠣᠯᠴᠠᠭᠤᠯᠵᠤ᠂ ᠤᠨᠢᠨ ᠳᠡᠭᠡᠷ᠎ᠡ ᠨᠢ ᠵᠢᠯᠣᠭᠤᠳᠴᠤ᠂ ᠣᠶᠢᠵᠢᠭᠤᠯᠬᠤ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠠᠯ᠎ᠠ ᠪᠠᠷ᠂ ᠭᠠᠯ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠷᠣᠬᠠᠶ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠢ ᠰᠦᠢᠳᠬᠡᠬᠦ ᠵᠢᠴᠢ ︽ᠤᠢ ᠰᠢᠭᠤᠢ ᠠᠮᠤ ᠪᠤᠳᠠᠭ᠎ᠠ ᠶᠢ ᠠᠯᠠᠭᠯᠠᠨ ᠲᠠᠷᠢᠬᠤ︾ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠤᠨ᠂ ᠰᠢᠯᠭᠠᠨ ᠬᠢᠨᠠᠵᠤ ᠬᠢᠨᠠᠯᠲᠠ ᠲᠠᠯᠪᠢᠬᠤ ᠶᠢ  ᠴᠢᠩᠭᠠᠷᠠᠭᠤᠯᠬᠤ ᠬᠡᠷᠡᠭᠲᠡᠢ᠃ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠠᠮᠢᠶ᠎ᠠ ᠪᠥᠬᠦᠶ ᠲᠦᠷᠢᠮ ᠢ ᠪᠦᠷᠢᠨᠰᠢᠬᠦᠯᠦᠨ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠬᠤ ᠬᠡᠷᠡᠭᠲᠡᠶ︔ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ︔ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠬᠠᠷᠢᠯᠴᠠᠨ ᠬᠠᠮᠵᠢᠯᠴᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠮᠠᠨ ᠤ ᠬᠤᠰᠢᠭᠤᠨ ᠤ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂ ᠣᠶ ᠰᠢᠭᠤᠶ ᠨᠤᠲᠤᠭ ᠪᠡᠯᠴᠢᠭᠡᠷ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠣᠶ ᠰᠢᠭᠤᠶ ᠨᠤᠲᠤᠭ ᠪᠡᠯᠴᠢᠭᠡᠷ ᠤᠨ ᠥᠷᠲᠡᠭᠡᠨ ᠤ ᠳᠠᠷᠤᠭ᠎ᠠ︔ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ︔ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠭ ᠤᠨ ᠭᠡᠰᠢᠭᠦᠨ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠵᠠᠶ᠃ ︵ᠰᠤᠷᠪᠤᠯᠵᠢᠯᠠᠭᠴᠢ / ᠮᠠ ᠱᠦ ᠢᠦᠢ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号