| ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ︽2023 ᠣᠨ ᠤ ᠡᠳ᠋ ᠤᠨ ᠵᠠᠰᠠᠭ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠴᠡᠭᠴᠡᠯᠡᠨ | ᠰᠠᠶᠢᠵᠢᠷᠠᠭᠤᠯᠬᠤ ᠮᠡᠳᠡᠭᠳᠡᠯ︾ ᠢ ᠦᠨᠳᠦᠰᠦᠯᠡᠨ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ ᠨᠢᠭᠡᠳ ᠨᠢᠭᠡ ᠪᠠᠷ ᠳᠠᠭᠠᠭᠠᠨ ᠠᠪᠬᠤ︾ ᠪᠠ ︽ᠨᠢᠭᠡ ᠠᠴᠠ | ᠵᠦᠢᠴᠢᠯᠡᠵᠦ ᠨᠥᠭᠦᠭᠡ ᠶᠢ ᠮᠡᠳᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠨᠡᠶᠢᠲᠡ ᠬᠤᠶᠠᠷ ᠲᠠᠯ᠎ᠠ ᠶᠢᠨ 3 | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠠᠶᠢᠵᠤ ᠂ 4 ᠵᠦᠢᠯ ᠤᠨ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠣᠲᠣ ᠪᠣᠯᠲᠠᠯ᠎ᠠ᠂ ᠬᠤᠶᠠᠷ ᠲᠠᠯ᠎ᠠ ᠶᠢᠨ 3 ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠢᠭᠡᠨᠲᠡ ᠪᠡᠶᠡᠯᠡᠭᠦᠯᠪᠡ ᠂ ᠡᠳᠦᠭᠡ ᠳᠣᠤᠷᠠᠬᠢ ᠮᠡᠲᠦ ᠮᠡᠳᠡᠭᠦᠯᠪᠡ᠄ | ᠨᠢᠭᠡ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠬᠢᠷᠠᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | 1. ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠬᠢᠷᠠᠭᠤᠯᠤᠭᠰᠠᠨ ᠨᠢ ᠪᠦᠷᠢᠨ ᠭᠦᠢᠴᠡᠳ ᠪᠤᠰᠤ᠂ ᠠᠮᠵᠢᠯᠲᠠ | ᠪᠦᠲᠦᠮᠵᠢ ᠶᠢᠨ ᠭᠦᠢᠴᠡᠳᠬᠡᠬᠦ ᠲᠤᠭ᠎ᠠ ᠶᠢ ᠲᠣᠬᠢᠷᠠᠭᠤᠯᠤᠭᠰᠠᠨ ᠨᠢ ᠣᠨᠣᠪᠴᠢᠲᠠᠶ ᠪᠤᠰᠤ ᠪᠠᠶᠢᠬᠤ ᠃ ᠲᠥᠰᠦᠯ ᠤᠨ | ᠠᠮᠵᠢᠯᠲᠠ ᠪᠦᠲᠦᠮᠵᠢ ᠶᠢᠨ ᠬᠠᠷᠠᠯᠲᠠ ᠳᠤᠮᠳᠠ ᠨᠠᠷᠢᠯᠢᠭ ᠦᠢᠯᠡᠳᠪᠦᠷᠢᠯᠡᠬᠦ ᠠᠭᠤᠯᠭ᠎ᠠ ᠪᠠᠨ ᠢᠯᠡᠷᠡᠭᠦᠯᠦᠭᠰᠡᠨ ᠦᠭᠡᠢ᠃ | ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ︽ | ᠡᠭᠦᠷᠭᠡ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠨᠣᠷᠮ᠎ᠠ︾᠂ ᠬᠦᠴᠦᠨ ᠲᠠᠢ ᠬᠤᠭᠤᠴᠠᠭ᠎ᠠ ᠶᠢᠨ | ᠭᠦᠢᠴᠡᠳᠬᠡᠯ ᠲᠤᠭ᠎ᠠ ᠶᠢᠨ ︽ᠪᠡᠯᠡ ᠮᠥᠩᠭᠦ ᠶᠢ ᠳᠣᠷᠣᠭᠰᠢ ᠪᠠᠭᠤᠯᠭᠠᠬᠤ ᠨᠣᠷᠮ᠎ᠠ︾ ᠶᠢᠨ ᠲᠣᠬᠢᠷᠠᠭᠤᠯᠤᠯᠲᠠ | ᠭᠦᠢᠴᠡᠳ ᠪᠤᠰᠤ᠂ ᠬᠠᠨᠤᠮᠵᠢ ᠶᠢᠨ ᠬᠡᠮᠵᠢᠶ᠎ᠡ ᠶᠢᠨ ᠭᠦᠢᠴᠡᠳᠬᠡᠯ ᠲᠤᠭ᠎ᠠ ᠶᠢᠨ ︽ᠦᠢᠯᠡᠴᠢᠯᠡᠬᠦ ᠡᠲᠡᠭᠡᠳ ᠤᠨ | ᠬᠠᠨᠤᠮᠵᠢ ᠶᠢᠨ ᠬᠡᠮᠵᠢᠶ᠎ᠡ︾ ᠶᠢᠨ ᠭᠦᠢᠴᠡᠳᠬᠡᠯ ᠲᠤᠭ᠎ᠠ ᠨᠢ ᠠᠰᠢᠭ ᠬᠦᠷᠲᠡᠬᠦ ᠡᠲᠡᠭᠡᠳ ᠢᠶᠠᠨ ᠲᠣᠳᠣᠷᠬᠠᠶᠢᠯᠠᠭᠰᠠᠨ | ᠦᠭᠡᠢ ︔ ᠰᠡᠳᠬᠢᠯ ᠬᠠᠨᠤᠮᠵᠢᠲᠠᠶ ᠪᠠᠶᠢᠬᠤ ᠬᠡᠮᠵᠢᠶᠡᠨ ᠤ ᠬᠠᠷᠠᠯᠲᠠᠲᠤ ᠬᠡᠮᠵᠢᠭᠳᠡᠯ ᠤᠨ ︽ᠬᠠᠨᠤᠮᠵᠢᠲᠠᠶ ᠪᠠᠶᠢᠬᠤ︾ | ᠶᠢ ᠬᠡᠮᠵᠢᠶᠡᠵᠢᠭᠦᠯᠦᠭᠰᠡᠨ ᠦᠭᠡᠢ ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ᠄ | ᠨᠢᠭᠡ ᠳᠤ᠂ ᠬᠠᠷᠠᠯᠲᠠ ᠶᠢ ᠪᠥᠬᠦ ᠲᠠᠯ᠎ᠠ ᠪᠠᠷ ᠳᠣᠭᠢᠷᠠᠭᠤᠯᠵᠤ᠂ ᠠᠵᠢᠯ ᠤᠨ ᠡᠭᠦᠷᠭᠡ ᠶᠢ ᠲᠣᠳᠣᠷᠬᠠᠶᠢᠯᠠᠨ᠂ | ᠬᠠᠷᠠᠯᠲᠠ ᠶᠢ ᠬᠠᠮᠤᠷᠬᠤ ᠠᠵᠢᠯ ᠤᠨ ᠭᠤᠤᠯ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠦᠨᠡᠨ ᠬᠦ ᠪᠠᠲᠤᠯᠠᠨ᠎ᠠ᠃ | ᠬᠠᠷᠠᠯᠲᠠ ᠶᠢ ᠲᠣᠭᠲᠠᠭᠠᠬᠤ ᠶᠠᠪᠤᠴᠠ ᠳᠤ᠂ ᠭᠦᠢᠴᠡᠳ ᠣᠶᠢᠯᠠᠭᠠᠯᠴᠠᠭ᠎ᠠ ᠪᠠ ᠰᠣᠯᠢᠯᠴᠠᠭ᠎ᠠ ᠬᠢᠵᠦ᠂ ᠬᠠᠷᠠᠯᠲᠠ | ᠲᠣᠳᠣᠷᠬᠠᠢ ᠪᠥᠭᠡᠳ ᠵᠦᠢ ᠵᠣᠬᠢᠰᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠣᠳᠠᠲᠠᠶ ᠠᠵᠢᠯ ᠤᠨ | ᠠᠬᠢᠴᠠ ᠶᠢᠨ ᠪᠠᠶᠢᠳᠠᠯ ᠢᠶᠠᠨ ᠦᠨᠳᠦᠰᠦᠯᠡᠨ᠂ ᠬᠠᠷᠠᠯᠲᠠ ᠳᠤ ᠴᠢᠬᠤᠯᠠ ᠪᠦᠬᠦᠢ ᠲᠣᠬᠢᠷᠠᠭᠤᠯᠤᠯᠲᠠ ᠪᠠ | ᠰᠢᠯᠢᠳᠡᠭᠵᠢᠭᠦᠯᠦᠯᠲᠡ ᠬᠢᠬᠦ ᠬᠡᠷᠡᠭᠲᠡᠶ᠃ | ᠬᠤᠶᠠᠷ ᠲᠤ᠂ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠠᠮᠵᠢᠯᠲᠠ ᠪᠦᠲᠦᠮᠵᠢ ᠶᠢᠨ | ᠬᠠᠷᠠᠯᠲᠠ ᠶᠢ ᠦᠨᠳᠦᠰᠦᠯᠡᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠦᠷ᠎ᠡ | ᠪᠦᠲᠦᠭᠡᠯ ᠪᠠ ᠠᠵᠢᠯ ᠤᠨ ᠢᠯᠡᠷᠡᠯ ᠢ ᠣᠨᠣᠪᠴᠢᠲᠠᠶ ᠲᠤᠰᠬᠠᠵᠤ ᠴᠢᠳᠠᠬᠤ ᠭᠦᠢᠴᠡᠳᠬᠡᠯ ᠲᠤᠭ᠎ᠠ ᠶᠢ ᠰᠣᠩᠭᠤᠨ᠎ᠠ᠃ | ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠨᠢᠭᠡᠪᠦᠷᠢ ᠳᠤ ᠲᠣᠳᠣᠷᠬᠠᠶ ᠲᠣᠳᠣᠷᠬᠠᠶᠢᠯᠠᠯᠲᠠ ᠬᠢᠵᠦ᠂ | ᠭᠦᠢᠴᠡᠳᠬᠡᠬᠦ ᠲᠤᠭ᠎ᠠ ᠶᠢᠨ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠤᠨ ᠭᠦᠢᠴᠡᠳᠬᠡᠬᠦ | ᠲᠤᠭ᠎ᠠ ᠶᠢ ︽ᠪᠡᠯᠡ ᠮᠥᠩᠭᠦ ᠰᠠᠯᠭᠠᠨ ᠥᠭᠬᠦ ᠣᠨᠣᠪᠴᠢ ᠶᠢᠨ ᠨᠣᠷᠮ᠎ᠠ︾ ᠪᠣᠯᠭᠠᠨ ᠲᠣᠬᠢᠷᠠᠭᠤᠯᠵᠤ᠂ ᠴᠠᠭ ᠤᠨ | ᠬᠦᠴᠦᠨ ᠲᠠᠢ ᠭᠦᠢᠴᠡᠳᠬᠡᠬᠦ ᠲᠤᠭ᠎ᠠ ᠶᠢ ︽ᠪᠡᠯᠡ ᠮᠥᠩᠭᠦ ᠰᠠᠯᠭᠠᠨ ᠥᠭᠬᠦ ᠴᠠᠭ ᠲᠤᠬᠠᠶᠢᠳᠤ ᠨᠣᠷᠮ᠎ᠠ︾ ᠪᠣᠯᠭᠠᠨ | ᠲᠣᠬᠢᠷᠠᠭᠤᠯᠵᠤ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢ ︽ᠲᠤᠰᠠᠯᠠᠮᠵᠢ ᠬᠦᠷᠲᠡᠬᠦ | ᠠᠵᠤ ᠠᠬᠤᠶᠢᠯᠠᠯ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ︾ ᠪᠣᠯᠭᠠᠨ ᠲᠣᠬᠢᠷᠠᠭᠤᠯᠬᠤ ᠬᠡᠷᠡᠭᠲᠡᠢ᠃ | ᠬᠤᠶᠠᠷ᠂ ᠶᠠᠪᠤᠴᠠ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | 2. ᠲᠥᠰᠦᠪ ᠤᠨ ᠨᠢᠭᠡᠴᠡ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠭᠰᠠᠨ ᠦᠭᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ᠄ | ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠣᠲᠣ ᠶᠢᠨ ᠪᠠᠶᠢᠭ᠎ᠠ ᠵᠢᠴᠢ ᠲᠥᠯᠥᠪᠯᠡᠬᠦ ᠪᠠᠷ ᠥᠷᠨᠢᠭᠦᠯᠦᠭᠰᠡᠨ ᠲᠥᠷᠥᠯ ᠵᠦᠢᠯ ᠢ ᠨᠠᠷᠢᠨ ᠪᠦᠷᠢᠳᠬᠡᠵᠦ᠂ | ᠲᠥᠷᠥᠯ ᠵᠦᠢᠯ ᠤᠨ ᠲᠥᠷᠥᠯ ᠬᠡᠯᠪᠡᠷᠢ᠂ ᠬᠡᠪᠴᠢᠶ᠎ᠡ᠂ ᠦᠶᠡᠯᠡᠯ ᠤᠨ ᠬᠤᠭᠤᠴᠠᠭ᠎ᠠ ᠵᠡᠷᠭᠡ ᠲᠥᠷᠥᠯ ᠬᠤᠪᠢᠶᠠᠵᠤ᠂ | ᠡᠯ᠎ᠡ ᠲᠥᠷᠥᠯ ᠵᠦᠢᠯ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠬᠢᠭᠡᠳ ᠨᠡᠶᠢᠲᠡᠯᠢᠭ ᠴᠢᠨᠠᠷᠲᠠᠶ ᠱᠠᠭᠠᠷᠳᠠᠯᠭ᠎ᠠ ᠶᠢ | ᠲᠣᠳᠣᠷᠬᠠᠶᠢᠯᠠᠨ᠂ ︽ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ | ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢ ᠳᠣᠭᠲᠠᠭᠠᠬᠤ ᠬᠡᠷᠡᠭᠲᠡᠢ᠃ | 3. ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠂ ᠪᠡᠯᠡ ᠮᠥᠩᠬᠦ ᠶᠢᠨ ᠬᠤᠪᠢᠶᠠᠷᠢᠯᠠᠯᠲᠠ ᠶᠢ ᠢᠯᠡ | ᠵᠠᠷᠯᠠᠭᠰᠠᠨ ᠦᠭᠡᠢ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ᠄ | ᠲᠥᠷᠥᠯ ᠵᠦᠢᠯ ᠤᠨ ᠨᠡᠷᠡᠰ᠂ ᠪᠠᠯᠠ ᠮᠥᠩᠭᠦ ᠶᠢᠨ ᠬᠤᠪᠢᠶᠠᠷᠢᠯᠠᠯᠲᠠ᠂ ᠵᠣᠭᠤᠰ ᠤᠨ ᠲᠤᠭ᠎ᠠ ᠶᠢᠨ ᠨᠠᠷᠢᠨ | ᠵᠦᠢᠯᠡᠰ᠂ ᠠᠰᠢᠭ ᠭᠥᠷᠳᠡᠬᠦ ᠡᠲᠡᠭᠡᠳ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠲᠠᠯ᠎ᠠ ᠪᠠᠷ ᠢᠯᠡ | ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠣᠯᠠᠨ ᠨᠡᠶᠢᠲᠡ ᠶᠢᠨ | ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ᠭᠤᠷᠪᠠ᠂ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ | ᠠᠮᠵᠢᠯᠲᠠ ᠪᠦᠲᠦᠮᠵᠢ ᠶᠢ ᠦᠨᠡᠯᠡᠵᠦ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ | ᠮᠥᠷᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ | ᠪᠦᠲᠦᠮᠵᠢᠲᠦ ᠴᠢᠨᠠᠷ ᠪᠠ ᠴᠤᠪᠤᠷᠠᠯ ᠤᠨ ᠵᠦᠶ ᠵᠣᠬᠢᠰᠲᠠᠶ ᠴᠢᠨᠠᠷ ᠢ ᠴᠤᠭᠯᠠᠭᠤᠯᠵᠤ᠂ ᠬᠥᠳᠡᠯᠦᠩᠭᠦᠶ ᠪᠠᠷ | ᠲᠣᠬᠢᠷᠠᠭᠤᠯᠤᠨ ᠰᠢᠯᠢᠳᠡᠭᠵᠢᠭᠦᠯᠦᠨ᠎ᠡ᠃ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠰᠠᠭᠤᠳᠠᠯ ᠳᠤ | ᠴᠢᠭᠯᠡᠭᠦᠯᠦᠨ᠂ ᠪᠠᠶᠢᠩᠭᠤᠵᠢᠭᠤᠯᠤᠭᠰᠠᠨ ︽ ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠥᠷᠨᠢᠭᠦᠯᠵᠦ᠂ ᠨᠢᠭᠡᠨᠲᠡ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠪᠠᠯ᠂ ᠭᠡᠭᠡᠭᠳᠡᠵᠦ ᠣᠷᠬᠢᠭᠳᠠᠭᠰᠠᠨ ᠢ ᠪᠠᠶᠢᠴᠠᠭᠠᠵᠤ | ᠨᠥᠬᠦᠪᠥᠷᠢᠯᠡᠬᠦ ᠬᠡᠷᠡᠭᠲᠡᠶ ︔ ᠠᠰᠠᠭᠤᠳᠠᠯ ᠪᠠᠶᠢᠭᠠᠳ ᠴᠡᠭᠴᠡᠯᠡᠨ ᠰᠠᠶᠢᠵᠢᠷᠠᠭᠤᠯᠬᠤ ᠦᠭᠡᠢ᠂ ᠰᠣᠩᠭᠤᠯᠲᠠ ᠶᠢᠨ | ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ᠂ ᠴᠡᠭᠴᠡᠯᠡᠬᠦ ᠠᠴᠠ ᠪᠢᠰᠢ ᠰᠠᠶᠢᠵᠢᠷᠠᠭᠤᠯᠬᠤ ᠦᠭᠡᠢ ᠵᠡᠷᠭᠡ ᠪᠠᠶᠢᠳᠠᠯ | ᠭᠠᠷᠬᠤ ᠶᠢ ᠡᠷᠡᠰ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠬᠤ ᠬᠥᠮᠥᠷᠭᠡ ᠶᠢ ᠲᠦᠢᠯᠪᠤᠷᠢᠲᠠᠢ ᠪᠠᠶᠢᠴᠠᠭᠠᠬᠤ᠂ | ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ |