| 4 ᠰᠠᠷ᠎ᠠ ᠶᠢᠨ 2 ᠤᠨ ᠡᠳᠦᠷ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠭᠴᠢ ᠶᠢᠨ ︽ᠱᠦᠵᠢ ᠶᠢᠨ ᠲᠥᠷᠥᠯ ᠵᠦᠢᠯ︾ ᠢ ᠠᠬᠢᠭᠤᠯᠬᠤ ᠬᠤᠷᠠᠯ ᠢ | ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠮᠠ ᠯᠢ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠭᠦᠸᠧ ᠢ ᠬᠤᠷᠠᠯ ᠢ | ᠡᠷᠭᠢᠯᠡᠪᠡ᠃ | ᠬᠤᠷᠠᠯ ᠠᠴᠠ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ | ᠬᠥᠮᠦᠵᠢᠭᠦᠯᠬᠦ ᠠᠵᠢᠯ ᠪᠣᠯ 2025 ᠣᠨ ᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠤᠯᠳᠠᠯᠭ᠎ᠠ ᠲᠠᠢ ᠡᠭᠦᠷᠭᠡ ᠪᠣᠯᠬᠤ ᠪᠠᠷ ᠪᠠᠷᠠᠬᠤ ᠥᠬᠡᠶ᠂ ᠪᠠᠰᠠ ᠴᠤ ᠰᠢᠨ᠎ᠡ ᠨᠢᠭᠡ ᠡᠭᠡᠯᠵᠢ ᠶᠢᠨ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ | ᠬᠢᠬᠦ ᠠᠴᠠ ᠡᠮᠦᠨᠡᠬᠢ ᠬᠤᠭᠤᠴᠠᠭᠠᠨ ᠤ ᠪᠡᠯᠡᠳᠬᠡᠯ ᠪᠣᠯᠤᠨ᠎ᠠ᠃ ᠨᠢᠭᠡ ᠳᠤ ᠂ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠪᠠᠨ ᠨᠢᠭᠡᠳᠬᠡᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠭᠠᠭᠤᠯᠤᠭᠴᠢ ᠶᠢ ᠬᠦᠮᠦᠵᠢᠭᠦᠯᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠳᠦᠰᠦᠨ | ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠪᠣᠳᠠᠲᠠᠶ ᠤᠶᠢᠯᠡᠳᠤᠯᠭᠡ ᠮᠥᠨ᠂ ᠭᠠᠴᠠᠭ᠎ᠠ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠬᠦᠮᠦᠵᠢᠭᠦᠯᠦᠨ ᠨᠥᠭᠡᠴᠡᠯᠡᠬᠦ ᠬᠤᠶᠠᠷ | ᠵᠢᠯ ᠤᠨ ᠲᠥᠯᠥᠪᠯᠡᠭᠡ ᠶᠢᠨ ᠪᠣᠳᠠᠲᠤ ᠬᠡᠷᠡᠭᠴᠡᠭᠡ ᠮᠥᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ | ᠰᠢᠨ᠎ᠡ ᠨᠢᠭᠡ ᠡᠭᠡᠯᠵᠢ ᠶᠢᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠬᠤ ᠠᠵᠢᠯ ᠢ ᠤᠷᠤᠭᠰᠢᠲᠠᠶ ᠥᠷᠨᠢᠭᠦᠯᠬᠦ ᠶᠢ ᠪᠠᠲᠤᠯᠠᠬᠤ ᠡᠮᠦᠨᠡᠬᠢ ᠬᠤᠭᠤᠴᠠᠭᠠᠨ ᠤ ᠰᠠᠭᠤᠷᠢ | ᠮᠥᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠭᠠᠭᠤᠯᠤᠭᠴᠢ ᠶᠢ ᠬᠦᠮᠦᠵᠢᠭᠦᠯᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ᠂ ᠭᠤᠤᠯᠳᠠᠯᠭ᠎ᠠ ᠶᠢ ᠳᠣᠪᠤᠶᠢᠯᠭᠠᠨ᠂ | ᠵᠠᠩᠭᠢᠯᠠᠭ᠎ᠠ ᠶᠢ ᠠᠳᠬᠤᠵᠤ᠂ ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠬᠡᠷᠡᠭᠲᠡᠶ︔ | ᠵᠢᠱᠢᠭᠳᠡᠭᠴᠢ ᠶᠢ ᠨᠥᠭᠡᠴᠡᠯᠡᠬᠦ ᠶᠢ ᠴᠢᠩᠭᠠᠳᠬᠠᠵᠤ᠂ ᠲᠤᠭ᠎ᠠ ᠬᠡᠮᠵᠢᠶ᠎ᠡ ᠭᠦᠢᠴᠡᠳ᠂ ᠶᠠᠰᠤ ᠴᠢᠨᠠᠷ ᠰᠢᠯᠢᠳᠡᠭ ᠪᠠᠶᠢᠬᠤ | ᠬᠡᠷᠡᠭᠲᠡᠶ︔ ᠬᠦᠮᠦᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠴᠢᠳᠠᠪᠤᠷᠢ ᠪᠠᠷ ᠴᠢᠩᠭ᠎ᠠ᠂ ᠬᠡᠪ ᠴᠢᠨᠠᠷ ᠢᠶᠠᠷ ᠥᠨᠳᠥᠷ | ᠪᠠᠶᠢᠬᠤ ᠬᠡᠷᠡᠭᠲᠡᠢ︔ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠭᠠᠷᠳᠠᠨ ᠬᠢᠵᠦ ᠳᠡᠶᠢᠯᠬᠦ᠂ ᠡᠭᠦᠷᠭᠡᠯᠡᠵᠦ | ᠳᠡᠶᠢᠯᠬᠦ ᠶᠢ ᠪᠡᠶᠡᠯᠡᠭᠦᠯᠵᠦ᠂ ︽ᠱᠦᠵᠢ ᠶᠢᠨ ᠲᠥᠷᠥᠯ ᠵᠦᠢᠯ︾ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ | ᠪᠠᠲᠤᠲᠠᠶ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠭᠤᠷᠪᠠ ᠳᠤ᠂ ᠲᠤᠭ ᠲᠡᠮᠳᠡᠭ ᠲᠣᠳᠣᠷᠬᠠᠢ᠂ | ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ᠭᠠᠵᠠᠷ ᠤᠨ ᠲᠡᠰ ᠤᠨ ᠤᠳᠤᠷᠢᠳᠬᠤ ᠺᠠᠳ᠋ᠷ ᠰᠢᠶᠠᠩ ᠪᠠᠯᠭᠠᠰᠤ ᠶᠢ | ᠳᠠᠭᠠᠭᠠᠴᠢᠯᠠᠨ ᠲᠣᠰᠬᠤᠨ ᠳᠤ ᠶᠠᠪᠤᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ | ᠲᠦᠷᠦᠭᠦᠯᠡᠨ ᠶᠡᠷᠦᠩᠬᠡᠢ ᠬᠠᠷᠢᠭᠤᠴᠠᠯᠭ᠎ᠠ ᠶᠢ ᠠᠳᠬᠤᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ | ᠨᠠᠮ ︵ᠠᠵᠤ ᠦᠢᠯᠡᠳᠪᠦᠷᠢ︶ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠨᠡᠶᠢᠭᠡᠮ ᠤᠨ ᠠᠵᠢᠯ | ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ︽ᠱᠦᠵᠢ ᠶᠢᠨ ᠲᠦᠷᠦᠯ ᠵᠦᠢᠯ︾ ᠳᠤ | ᠢᠮᠠᠭᠲᠠ ᠲᠤᠭᠤᠰᠢᠯᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠠᠴᠠ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ | ᠰᠤᠮᠤ ᠵᠡᠭᠡᠯᠢ ᠭᠤᠳᠤᠮᠵᠢ ᠶᠢᠨ ᠨᠠᠮ ︵ᠠᠵᠢᠯ︶ ᠤᠨ ᠬᠤᠷᠢᠶᠠᠨ ᠤ ᠱᠦᠵᠢ ᠡᠷᠬᠡᠪᠰᠢ ᠨᠠᠷᠢᠨ ᠲᠠᠩᠰᠠ ᠶᠢ | ᠨᠠᠶᠢᠷᠠᠭᠤᠯᠤᠨ ᠵᠣᠬᠢᠶᠠᠬᠤ ᠠᠵᠢᠯ ᠢ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠵᠦ᠂ ᠬᠠᠷᠢᠭᠤᠴᠠᠯᠭ᠎ᠠ ᠶᠢᠨ | ᠬᠡᠯᠬᠢᠶ᠎ᠡ ᠶᠢ ᠪᠣᠳᠠᠲᠠᠶᠢᠵᠢᠭᠤᠯᠵᠤ᠂ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶᠠᠨ ᠤ | ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ | ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ ︵ᠰᠤᠷᠪᠤᠯᠵᠢᠯᠠᠭᠴᠢ / ᠵᠠᠩ ᠴᠢ ᠯᠦᠩ︶ |