ᠢᠯᠡ ᠪᠠᠷ ᠳᠠᠭᠠᠭᠠᠴᠢᠯᠠᠯᠲᠠ ᠵᠠᠷᠯᠠᠬᠤ ᠬᠢᠵᠠᠭᠠᠷ ᠲᠤᠭ᠎ᠠ ᠳᠣᠣᠷᠠᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠳᠣᠲᠣᠭᠠᠳᠤ ᠶᠢᠨ ᠬᠢᠵᠠᠭᠠᠷᠯᠠᠬᠤ ᠠᠰᠠᠭᠤᠳᠠᠯ ᠤᠨ ᠲᠤᠬᠠᠢ ᠬᠢᠨᠠᠨ ᠪᠣᠳᠣᠬᠤ ᠰᠠᠨᠠᠭᠤᠯᠭ᠎ᠠ
ᠨᠡᠶᠢᠲᠡᠯᠡᠭᠰᠡᠨ ᠴᠠᠭ᠄
2025/4/8
           ᠨᠢᠭᠡ᠂ ᠢᠯᠡᠷᠡᠭᠦᠯᠦᠭᠰᠡᠨ ᠭᠤᠤᠯ ᠠᠰᠠᠭᠤᠳᠠᠯ    ᠬᠢᠨᠠᠨ ᠪᠣᠳᠣᠯᠲᠠ ᠪᠠᠷ ᠣᠯᠵᠤ ᠮᠡᠳᠡᠭᠰᠡᠨ ᠨᠢ᠂ ᠳᠤᠮᠳᠠ᠂ ᠵᠢᠵᠢᠭ ᠬᠡᠯᠪᠡᠷᠢ ᠶᠢᠨ ᠪᠠᠷᠢᠯᠭ᠎ᠠ ᠳᠤ ᠬᠤᠯᠪᠣᠭᠳᠠᠭᠰᠠᠨ ᠲᠥᠰᠦᠪ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠬᠢᠨᠠᠨ ᠬᠠᠮᠢᠶᠠᠷᠬᠤ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠵᠡᠷᠭᠡ ᠢᠯᠡ ᠪᠠᠷ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠣᠭᠤᠰ ᠤᠨ ᠲᠣᠭᠠᠨ ᠳᠤ ᠦᠯᠦ ᠬᠦᠷᠦᠭᠰᠡᠨ ᠲᠤᠬᠠᠶᠢᠯᠠᠭᠰᠠᠨ ᠠᠵᠢᠯ ᠤᠨ ᠳᠤᠮᠳᠠ᠂ ᠬᠢᠨᠠᠨ ᠪᠣᠳᠣᠯ ᠳᠤ ᠬᠢᠯᠭᠡᠭᠰᠡᠨ ᠨᠢᠭᠡᠴᠡ ᠬᠤᠳᠠᠯᠳᠤᠨ ᠠᠪᠬᠤ ᠶᠠᠪᠤᠴᠠ ᠳᠤ ᠲᠣᠭᠲᠠᠭᠠᠯ ᠠᠴᠠ ᠵᠥᠷᠢᠴᠡᠭᠰᠡᠨ ᠮᠠᠰᠢ ᠣᠯᠠᠨ ᠦᠵᠡᠭᠳᠡᠯ ᠣᠷᠣᠰᠢᠵᠤ ᠪᠠᠶᠢᠨ᠎ᠠ᠃ ᠪᠣᠳᠠᠲᠠᠶ ᠢᠯᠡᠷᠡᠯ ᠨᠢ᠄ ᠨᠢᠭᠡ ᠳᠤ᠂ ᠨᠢᠭᠡᠴᠡ ᠶᠢᠨ ᠤᠳᠤᠷᠢᠳᠤᠯᠭ᠎ᠠ ᠠᠴᠠ ᠬᠤᠳᠠᠯᠳᠤᠨ ᠠᠪᠬᠤ ᠡᠲᠡᠭᠡᠳ ᠢ ᠰᠢᠭᠤᠳ ᠵᠢᠭᠠᠨ ᠲᠣᠭᠲᠠᠭᠠᠨ᠎ᠠ︔ ᠬᠤᠶᠠᠷ ᠲᠤ ᠂ ᠭᠤᠷᠪᠠᠨ ᠲᠠᠯ᠎ᠠ ᠠᠴᠠ ᠦᠨ᠎ᠡ ᠯᠠᠪᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠬᠤᠳᠠᠯᠳᠤᠨ ᠠᠪᠬᠤ ᠦᠵᠡᠭᠳᠡᠯ ᠨᠡᠶᠢᠳᠡᠮ ᠣᠷᠣᠰᠢᠵᠤ ᠪᠠᠶᠢᠨ᠎ᠠ︔ ᠭᠤᠷᠪᠠ ᠳᠤ ᠂ ᠬᠤᠳᠠᠯᠳᠤᠨ ᠠᠪᠬᠤ ᠭᠠᠷ ᠭᠦᠢᠴᠡᠳᠬᠡᠯ ᠲᠦᠢᠯ ᠤᠨ ᠪᠦᠷᠢᠨ ᠪᠤᠰᠤ᠂ ᠬᠡᠰᠡᠭ ᠵᠠᠩᠭᠢᠯᠠᠭ᠎ᠠ ᠶᠢᠨ ᠪᠢᠴᠢᠭ ᠮᠠᠲ᠋ᠧᠷᠢᠶᠠᠯ ᠪᠠ ᠲᠡᠮᠳᠡᠭᠯᠡᠯ ᠳᠤᠲᠠᠭᠳᠠᠵᠤ᠂ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠲᠤ ᠰᠡᠵᠢᠭ ᠲᠠᠢ ᠪᠠᠶᠢᠨ᠎ᠠ︔ ᠲᠦᠷᠪᠡ ᠳᠤ᠂ ᠬᠤᠳᠠᠯᠳᠤᠨ ᠠᠪᠬᠤ ᠰᠢᠢᠳᠪᠦᠷᠢᠲᠦ ᠪᠤᠳᠤᠯᠭ᠎ᠠ ᠶᠢᠨ ᠠᠵᠢᠯᠯᠠᠭ᠎ᠠ ᠨᠢ ︽ᠭᠤᠷᠪᠠᠨ ᠴᠢᠬᠤᠯᠠ ᠨᠢᠭᠡ ᠶᠡᠭᠡ︾ ᠶᠢᠨ ᠲᠣᠭᠲᠠᠭᠠᠯ ᠠᠴᠠ ᠵᠥᠷᠢᠴᠡᠪᠡ᠃    ᠬᠤᠶᠠᠷ᠂ ᠠᠰᠠᠭᠤᠳᠠᠯ ᠡᠭᠦᠰᠦᠭᠰᠡᠨ ᠰᠢᠯᠲᠠᠭᠠᠨ    ︵ᠨᠢᠭᠡ︶ ᠬᠠᠤᠯᠢ ᠲᠤᠭᠳᠠᠭᠠᠯ ᠤᠨ ᠮᠡᠳᠡᠯᠭᠡ ᠮᠡᠬᠦᠰ    ᠬᠡᠰᠡᠭ ᠨᠢᠭᠡᠴᠡ ᠶᠢᠨ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠠᠵᠢᠯᠲᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠲᠣᠭᠲᠠᠭᠠᠯ᠂ ᠨᠢᠭᠡᠴᠡ ᠶᠢᠨ ᠳᠣᠲᠣᠭᠠᠳᠤ ᠶᠢᠨ ᠬᠤᠳᠠᠯᠳᠤᠨ ᠠᠪᠬᠤ ᠳᠦᠷᠢᠮ ᠵᠢᠴᠢ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠳᠦᠷᠢᠮ ᠤᠨ ᠴᠢᠬᠤᠯᠠᠴᠢᠯᠠᠭᠰᠠᠨ ᠬᠡᠮᠵᠢᠶ᠎ᠡ ᠨᠢ ᠬᠦᠷᠦᠯᠴᠡᠬᠦ ᠦᠭᠡᠶ᠂ ᠰᠤᠷᠤᠯᠴᠠᠯᠭ᠎ᠠ ᠨᠢ ᠬᠦᠷᠦᠯᠴᠡᠬᠦ ᠦᠭᠡᠶ᠂ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠭᠦᠢᠴᠡᠳ ᠣᠶᠢᠯᠠᠭᠠᠵᠤ ᠳᠡᠶᠢᠯᠦᠭᠰᠡᠨ ᠦᠭᠡᠶ ᠠᠴᠠ ᠪᠣᠯᠵᠤ᠂ ᠬᠤᠳᠠᠯᠳᠤᠨ ᠠᠪᠬᠤ ᠠᠵᠢᠯ ᠤᠨ ᠳᠤᠮᠳᠠ ᠰᠠᠨᠠᠭᠠᠨ ᠳᠤ ᠦᠭᠡᠶ ᠪᠤᠶᠤ ᠰᠠᠨᠠᠭ᠎ᠠ ᠲᠠᠢ ᠪᠠᠷ ᠲᠣᠭᠲᠠᠭᠠᠯ ᠠᠴᠠ ᠵᠥᠷᠢᠴᠡᠪᠡ᠃    ︵ᠬᠤᠶᠠᠷ︶ ᠲᠤᠳᠤᠭᠠᠲᠤ ᠬᠠᠮᠢᠶᠠᠷᠤᠯᠳᠠ ᠲᠡᠭᠦᠯᠳᠡᠷ ᠪᠣᠰᠤ    ᠨᠢᠭᠡᠴᠡ ᠶᠢᠨ ᠳᠣᠲᠣᠭᠠᠳᠤ ᠶᠢᠨ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠳᠤ ᠳᠤᠲᠠᠭᠳᠠᠯ ᠪᠠ ᠬᠦᠷᠦᠯᠴᠡᠬᠦ ᠦᠭᠡᠢ ᠵᠦᠢᠯ ᠣᠷᠣᠰᠢᠵᠤ᠂ ᠬᠤᠳᠠᠯᠳᠤᠨ ᠠᠪᠬᠤ ᠴᠤᠪᠤᠷᠠᠯ ᠤᠨ ᠡᠯ᠎ᠡ ᠭᠤᠭᠴᠤᠭ᠎ᠠ ᠳᠤ ᠲᠣᠳᠣᠷᠬᠠᠶ᠂ ᠨᠠᠷᠢᠨ ᠨᠢᠮᠪᠠᠶ ᠲᠣᠭᠲᠠᠭᠠᠯ ᠪᠠ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠳᠤᠲᠠᠮᠠᠭ᠃ ᠬᠡᠷᠡᠭᠵᠢᠭᠦᠯᠬᠦ ᠶᠠᠪᠤᠴᠠ ᠳᠤ ᠳᠦᠷᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯᠯᠠᠵᠤ ᠴᠢᠳᠠᠭᠰᠠᠨ ᠦᠭᠡᠶ᠂  ᠢᠯᠡ ᠪᠠᠷ ᠳᠠᠭᠠᠭᠠᠴᠢᠯᠠᠯᠲᠠ ᠵᠠᠷᠯᠠᠬᠤ ᠬᠢᠵᠠᠭᠠᠷᠯᠠᠭᠰᠠᠨ ᠲᠤᠭ᠎ᠠ ᠪᠠᠷ ᠳᠣᠣᠷ᠎ᠠ᠃    ᠭᠤᠷᠪᠠ᠂ ᠬᠢᠨᠠᠨ ᠪᠣᠳᠣᠬᠤ ᠰᠠᠨᠠᠭᠤᠯᠭ᠎ᠠ    ︵ᠨᠢᠭᠡ︶ ᠬᠠᠤᠯᠢ ᠲᠣᠭᠲᠠᠭᠠᠯ ᠤᠨ ᠰᠤᠷᠤᠯᠴᠠᠯᠭ᠎ᠠ  ᠪᠣᠯᠪᠠᠰᠤᠷᠠᠯ ᠢ ᠴᠢᠩᠭᠠᠳᠬᠠᠨ᠎ᠠ    ᠵᠠᠰᠠᠭ ᠤᠨ ᠣᠷᠳᠣᠨ ᠤ ᠬᠤᠳᠠᠯᠳᠤᠨ ᠠᠪᠬᠤ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯᠲᠡᠨ᠂ ᠠᠵᠢᠯ ᠲᠥᠷᠥᠯ ᠤᠨ ᠨᠡᠷ᠎ᠡ ᠲᠥᠷᠥ ᠲᠠᠢ ᠬᠥᠮᠦᠰ ᠢ ᠤᠷᠢᠵᠤ ᠬᠢᠴᠢᠶᠡᠯ ᠬᠢᠯᠭᠡᠨ᠂ ᠬᠤᠳᠠᠯᠳᠤᠨ ᠠᠪᠬᠤ ᠠᠵᠢᠯ ᠤᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠲᠣᠭᠲᠠᠭᠠᠯ᠂ ᠨᠢᠭᠡᠴᠡ ᠶᠢᠨ ᠳᠣᠲᠣᠭᠠᠳᠤ ᠳᠠᠭᠠᠨ ᠬᠤᠳᠠᠯᠳᠤᠨ ᠠᠪᠬᠤ ᠳᠦᠷᠢᠮ ᠵᠢᠴᠢ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠳᠦᠷᠢᠮ ᠤᠨ ᠲᠤᠰᠬᠠᠶ ᠰᠡᠳᠦᠪᠲᠦ  ᠪᠣᠯᠪᠠᠰᠤᠷᠠᠯ ᠢ ᠥᠷᠨᠢᠭᠦᠯᠵᠦ᠂ ᠲᠡᠳᠡᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠳᠣᠲᠣᠭᠠᠳᠤ ᠳᠠᠬᠢ ᠡᠵᠡᠮᠳᠡᠯ ᠤᠨ ᠳᠦᠷᠢᠮ᠂ ᠴᠤᠪᠤᠷᠠᠯ ᠢ ᠰᠠᠶᠢᠨ ᠣᠶᠢᠯᠠᠭᠠᠭᠤᠯᠵᠤ᠂ ᠠᠵᠢᠯᠲᠠᠨ ᠠᠵᠢᠯᠴᠢᠨ ᠤ ᠬᠠᠤᠯᠢ ᠲᠣᠭᠲᠠᠭᠠᠯ ᠤᠨ ᠦᠵᠡᠯ ᠤᠬᠠᠮᠰᠠᠷ ᠪᠣᠯᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃    ︵ᠬᠤᠶᠠᠷ︶ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ    ᠨᠢᠭᠡᠴᠡ ᠶᠢᠨ ᠣᠳᠣ ᠶᠢᠨ ᠪᠠᠶᠢᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠡᠮᠬᠢᠯᠡᠬᠦ ᠪᠠ ᠵᠠᠰᠠᠪᠤᠷᠢ ᠣᠷᠣᠭᠤᠯᠵᠤ᠂ ᠨᠢᠭᠡᠴᠡ ᠶᠢᠨ ᠪᠣᠳᠠᠲᠤ ᠪᠠᠶᠢᠳᠠᠯ ᠵᠢᠴᠢ ᠬᠤᠳᠠᠯᠳᠤᠨ ᠠᠪᠬᠤ ᠪᠣᠳᠠᠲᠠᠶ ᠵᠦᠢᠯᠡᠰ ᠲᠠᠢ ᠤᠶᠠᠯᠳᠤᠭᠤᠯᠤᠨ᠂ ᠨᠠᠷᠢᠨ ᠨᠢᠭᠲᠠ᠂ ᠬᠡᠷᠡᠭᠵᠢᠭᠦᠯᠵᠦ ᠪᠣᠯᠬᠤ ᠬᠤᠳᠠᠯᠳᠤᠨ ᠠᠪᠬᠤ ᠴᠤᠪᠤᠷᠠᠯ ᠤᠨ ᠵᠢᠷᠤᠮᠵᠢᠯ ᠢ ᠲᠣᠭᠲᠠᠭᠠᠨ᠎ᠠ᠃ ᠲᠥᠰᠦᠪ ᠨᠠᠶᠢᠷᠠᠭᠤᠯᠤᠨ ᠵᠣᠬᠢᠶᠠᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠵᠡᠷᠭᠡ ᠡᠯ᠎ᠡ ᠵᠠᠩᠭᠢᠯᠠᠭ᠎ᠠ ᠶᠢᠨ ᠠᠵᠢᠯ ᠤᠨ ᠪᠠᠷᠢᠮᠵᠢᠶ᠎ᠠ ᠂ ᠬᠠᠷᠢᠭᠤᠴᠠᠯᠭ᠎ᠠ ᠶᠢᠨ ᠭᠤᠤᠯ ᠴᠣᠭᠴᠠ᠂ ᠬᠡᠷᠡᠭᠰᠡᠬᠦ ᠪᠢᠴᠢᠭ ᠮᠠᠲ᠋ᠧᠷᠢᠶᠠᠯ ᠵᠢᠴᠢ ᠬᠢᠨᠠᠨ ᠵᠥᠪᠰᠢᠶᠡᠷᠡᠬᠦ ᠡᠷᠬᠡ ᠮᠡᠳᠡᠯ ᠵᠡᠷᠭᠡ ᠶᠢ ᠲᠣᠳᠣᠷᠬᠠᠶᠢᠯᠠᠵᠤ᠂ ᠬᠤᠳᠠᠯᠳᠤᠨ ᠠᠪᠬᠤ ᠠᠵᠢᠯ ᠤᠨ ᠵᠢᠷᠤᠮᠯᠠᠬᠤ ᠳᠦᠷᠢᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠰᠢᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ    ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠦᠬᠦᠢ ᠵᠦᠢᠯᠡᠰ ᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠨᠢᠭᠡᠴᠡ ᠶᠢᠨ ᠤᠳᠤᠷᠢᠳᠬᠤ ᠪᠠᠭ ᠲᠤ ᠲᠤᠰᠢᠶᠠᠵᠤ ᠬᠠᠮᠲᠤ ᠪᠠᠷ ᠰᠤᠳᠤᠯᠤᠨ ᠲᠣᠭᠲᠠᠭᠠᠬᠤ ᠶᠢᠨ ᠬᠠᠮᠲᠤ ᠵᠢᠷᠤᠮᠵᠢᠭᠰᠠᠨ ᠬᠤᠷᠠᠯ ᠤᠨ ᠲᠣᠪᠴᠢ ᠶᠢ ᠪᠣᠢ ᠪᠣᠯᠭᠠᠵᠤ ᠳᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃  ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠢᠯᠡ ᠨᠡᠶᠢᠲᠡᠯᠡᠵᠦ᠂ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号