| ᠣᠶ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠤᠬᠠᠨ | ᠬᠤᠰᠢᠭᠤᠨ ᠤ ᠣᠶ ᠰᠢᠭᠤᠶ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠪᠥᠬᠦ ᠲᠠᠯ᠎ᠠ ᠪᠠᠷ ᠴᠠᠭᠠᠵᠠᠯᠠᠬᠤ | ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠹᠧᠩ ᠱᠸᠦ ᠰᠢᠶᠠᠩ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠵᠦ᠂ ᠣᠶ ᠰᠢᠭᠤᠶ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ | ᠬᠦᠴᠦᠨ ᠢᠶᠠᠷ ᠢᠶᠠᠨ ᠪᠠᠬᠢᠵᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠣᠷᠤᠨ ᠰᠠᠭᠤᠴᠠ ᠶᠢ ᠰᠠᠬᠢᠨ | ᠬᠠᠮᠠᠭᠠᠯᠠᠨ᠎ᠠ᠃ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠠᠭᠤᠷᠢ ᠪᠠᠨ | ᠪᠠᠬᠢᠵᠢᠭᠦᠯᠦᠨ᠎ᠡ᠃ ᠰᠢᠶᠠᠩ ᠤᠨ ᠨᠠᠮ ᠤᠨ ᠬᠤᠷᠢᠶᠠᠨ ᠤ ᠱᠦᠵᠢ ᠪᠣᠯᠤᠨ ᠰᠢᠶᠠᠩ ᠤᠨ ᠳᠠᠷᠤᠭ᠎ᠠ ᠠᠴᠠ ᠬᠤᠤᠰ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠲᠤᠰᠬᠠᠶ ᠴᠡᠭᠴᠡᠯᠡᠨ ᠵᠠᠰᠠᠬᠤ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ︽ᠭᠤᠤᠯ ᠤᠳᠤᠷᠢᠳᠤᠯᠭ᠎ᠠ ᠨᠢᠭᠡᠳᠦᠯᠲᠡᠶ ᠲᠥᠯᠥᠪᠯᠡᠨ ᠠᠳᠬᠤᠬᠤ᠂ ᠬᠤᠪᠢᠳᠠᠨ | ᠬᠠᠮᠢᠶᠠᠷᠬᠤ ᠤᠳᠤᠷᠢᠳᠤᠯᠭ᠎ᠠ ᠪᠣᠳᠠᠲᠠᠶ ᠬᠠᠮᠢᠶᠠᠷᠬᠤ᠂ ᠲᠣᠰᠬᠤᠨ ᠤ ︿ᠬᠤᠶᠠᠷ ᠵᠥᠪᠯᠡᠯ﹀ ᠤᠨ ᠺᠠᠳ᠋ᠷ ᠤᠨ ᠨᠢᠭᠡᠳᠦᠭᠡᠷ | ᠹᠷᠣᠨᠲ ᠲᠤ ᠱᠠᠯᠠᠪᠳᠠᠭᠤᠯᠬᠤ︾ ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ | ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ᠂ ᠲᠣᠰᠬᠤᠨ ᠤ ᠠᠷᠠᠳ ᠤᠨ ᠶᠡᠭᠡ ᠬᠤᠷᠠᠯ ᠵᠡᠷᠭᠡ ᠶᠢ | ᠬᠤᠷᠠᠯᠳᠤᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠣᠶ ᠮᠣᠳᠣ ᠪᠠ ᠠᠮᠤ ᠪᠣᠳᠠᠭ᠎ᠠ ᠶᠢ ᠠᠯᠠᠭᠯᠠᠨ ᠲᠠᠷᠢᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ | ᠣᠶᠢᠲᠤ ᠭᠠᠵᠠᠷ ᠤᠨ ᠤᠤᠯ ᠳᠦᠷᠰᠦ ᠪᠠᠶᠢᠳᠠᠯ ᠢ ᠰᠡᠷᠭᠦᠭᠡᠬᠦ ᠬᠡᠷᠡᠭᠲᠡᠶ᠃ | ᠬᠤᠶᠠᠷ ᠲᠤ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠢᠶᠠᠷ | ᠤᠬᠠᠭᠤᠯᠤᠨ ᠬᠥᠲᠥᠯᠥᠨ ᠵᠢᠯᠣᠭᠤᠳᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠯᠪᠣᠭᠠᠯᠠᠨ | ᠬᠥᠳᠡᠯᠦᠯᠴᠡᠬᠦ ᠵᠠᠭᠪᠤᠷ ᠢᠶᠠᠷ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠸᠢᠴᠠᠲ | ᠬᠤᠯᠪᠣᠭ᠎ᠠ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠴᠢᠶᠠᠯᠠᠪᠤᠷᠢ ᠶᠢ ᠠᠰᠢᠭᠯᠠᠨ ᠣᠶ ᠰᠢᠭᠤᠶ ᠪᠠ ᠠᠮᠤ | ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ | ᠤᠬᠠᠭᠤᠯᠵᠤ᠂ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ ᠶᠢᠨ ᠬᠠᠮᠲᠤ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ ᠰᠡᠷᠡᠮᠵᠢᠯᠡᠭᠦᠯᠬᠦ ᠬᠥᠮᠦᠵᠢᠯ ᠬᠢᠵᠦ᠂ ᠣᠯᠠᠨ | ᠲᠦᠮᠡᠨ ᠤ ᠣᠶ ᠰᠢᠭᠤᠶ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ᠂ ᠣᠶ ᠰᠢᠭᠤᠶ ᠶᠢᠨ ᠡᠬᠢ ᠪᠠᠶᠠᠯᠢᠭ ᠢ ᠡᠪᠳᠡᠬᠦ | ᠠᠷᠭ᠎ᠠ ᠬᠢᠳᠡᠯ ᠢ ᠤᠬᠠᠮᠰᠠᠷ ᠠᠴᠠ ᠪᠠᠨ ᠵᠠᠶᠢᠯᠠᠰᠬᠢᠬᠦ ᠬᠡᠷᠡᠭᠲᠡᠶ᠃ | ᠭᠤᠷᠪᠠ ᠳᠤ᠂ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠬᠡᠷᠡᠭᠵᠢᠭᠦᠯᠵᠦ᠂ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ ᠬᠤᠶᠠᠷ ᠱᠠᠲᠤᠨ ᠤ | ᠺᠠᠳ᠋ᠷ ᠬᠠᠮᠲᠤᠷᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠡᠯ᠎ᠡ ᠲᠣᠰᠬᠤᠨ ᠤ ︽ᠬᠤᠶᠠᠷ ᠵᠥᠪᠯᠡᠯ︾᠂ | ᠲᠣᠣᠷᠵᠢᠯ ᠤᠨ ᠠᠵᠢᠯᠲᠠᠨ ᠲᠠᠢ ᠨᠢᠭᠲᠠ ᠬᠠᠮᠲᠤᠷᠠᠯᠴᠠᠵᠤ᠂ ᠨᠠᠮ ᠤᠨ ᠭᠡᠰᠢᠭᠦᠨ ᠰᠠᠶᠢᠨ ᠳᠤᠷ᠎ᠠ ᠶᠢᠨ | ᠦᠢᠯᠡᠴᠢᠯᠡᠭᠴᠢᠳ ᠢ ᠴᠤᠭᠯᠠᠭᠤᠯᠤᠨ ᠲᠣᠭᠤᠷᠢᠨ ᠬᠠᠮᠠᠭᠠᠯᠠᠬᠤ ᠡᠩᠨᠡᠭᠡ ᠶᠢ ᠪᠤᠵᠠᠭᠠᠶᠢᠷᠠᠭᠤᠯᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠬᠢᠬᠦ ᠠᠴᠠ ᠡᠮᠦᠨᠡᠬᠢ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠡᠭ ᠢ ᠴᠢᠩᠭ᠎ᠠ ᠠᠳᠬᠤᠵᠤ᠂ ᠬᠡᠰᠡᠭ ᠣᠷᠣᠨ ᠢᠶᠠᠷ ᠨᠢᠭᠡᠴᠢ ᠪᠣᠯᠭᠠᠨ ᠬᠢᠨᠠᠨ ᠬᠠᠮᠢᠶᠠᠷᠬᠤ ᠬᠡᠪᠴᠢᠶ᠎ᠡ ᠶᠢ | ᠬᠤᠪᠢᠶᠠᠷᠢᠯᠠᠨ ᠲᠣᠭᠲᠠᠭᠠᠵᠤ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠥᠨᠳᠥᠷ ᠳᠠᠪᠲᠠᠮᠵᠢ ᠪᠠᠷ ᠪᠦᠬᠦ | ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠤᠷᠢᠨ | ᠬᠠᠮᠠᠭᠠᠯᠠᠬᠤ ᠠᠵᠢᠯ ᠢ ᠥᠷᠨᠢᠭᠦᠯᠵᠦ᠂ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠬᠦ᠂ ᠣᠶᠢᠵᠢᠭᠤᠯᠬᠤ ᠭᠠᠵᠠᠷ ᠢ | ᠡᠪᠳᠡᠬᠦ ᠵᠡᠷᠭᠡ ᠬᠠᠤᠯᠢ ᠪᠤᠰᠤ ᠡᠲᠡᠭᠡᠳ ᠲᠤ ᠬᠠᠤᠯᠢ ᠶᠢ ᠵᠦᠷᠢᠴᠡᠬᠦ ᠵᠠᠪᠰᠢᠶᠠᠨ ᠦᠭᠬᠦ ᠦᠭᠡᠢ ᠪᠠᠶᠢᠵᠤ ᠂ ᠦᠨᠡᠨᠬᠦ | ᠤᠢ ᠰᠢᠭᠤᠢ ᠶᠢᠨ ᠡᠬᠢ ᠪᠠᠶᠠᠯᠢᠭ ᠤᠨ ᠰᠠᠬᠢᠨ ᠬᠠᠮᠠᠭᠠᠯᠠᠭᠴᠢ ᠪᠣᠯᠬᠤ ᠬᠡᠷᠡᠭᠲᠡᠢ᠃ | ᠵᠠᠯᠭᠠᠭᠠᠳ᠂ ᠹᠧᠩ ᠱᠸᠦ ᠰᠢᠶᠠᠩ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠡᠯ᠎ᠡ ᠲᠣᠰᠬᠤᠨ᠂ ᠡᠯ᠎ᠡ ᠰᠠᠯᠠᠭ᠎ᠠ ᠮᠥᠴᠢᠷ ᠲᠠᠢ | ᠬᠠᠮᠵᠢᠯᠴᠠᠨ ᠠᠵᠢᠯᠯᠠᠬᠤ ᠪᠠᠷ ᠳᠠᠮᠵᠢᠭᠤᠯᠤᠨ᠂ ᠤᠢ ᠰᠢᠭᠤᠢ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ | ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠹᠧᠩ ᠱᠸᠦ ᠰᠢᠶᠠᠩ ᠤᠨ ︽ᠬᠥᠬᠡᠮᠳᠦᠭ ᠨᠣᠭᠤᠭᠠᠨ | ᠠᠭᠤᠯᠠ ᠤᠰᠤ︾ ᠶᠢ ᠰᠠᠶᠢᠲᠤᠷ ᠰᠠᠬᠢᠨ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | |